题名 |
ᠥᠪᠥᠷ ᠮᠣᠩᠭᠣᠯ ᠤᠨ ᠰᠢᠨ᠎ᠠ ᠮᠠᠯᠵᠢᠬᠤ ᠤᠷᠤᠨ ᠢ ᠪᠠᠢ᠌ᠢᠭᠤᠯᠬᠤ ᠳᠤ ᠤᠷᠤᠰᠢᠵᠤ ᠪᠠᠢ᠌ᠢᠭᠠ ᠭᠤᠤᠯ ᠠᠰᠠᠭᠤᠳᠠᠯ ᠪᠠ ᠰᠢ᠌ᠳᠪᠦᠷᠢᠯᠡᠬᠦ ᠠᠷᠭ᠎ᠠ |
作者 |
ᠬᠦᠭ᠍ᠵᠢᠯᠲᠤ ; ᠪᠤᠤ ᠠᠢ ᠳ᠋ᠢ |
关键词 |
ᠥᠪᠥᠷ ᠮᠣᠩᠭᠣᠯ ; ᠨᠡᠢ᠌ᠢᠭᠡᠮ ᠵᠢᠷᠤᠮᠲᠤ ᠰᠢᠨ᠎ᠠ ᠬᠦᠳᠡᠭᠡ ᠲᠤᠰᠬᠤᠨ; ᠰᠢᠨ᠎ᠠ ᠮᠠᠯᠵᠢᠬᠤ ᠤᠷᠤᠨ; ᠠᠮᠢ ᠠᠬᠤᠢ ᠶᠢᠨ ᠤᠷᠴᠢᠨ ᠲᠤᠭᠤᠷᠢᠨ |
摘要 |
2006ᠤᠨ ᠪᠤᠯ 《ᠠᠷᠪᠠᠨ ᠨᠢᠭᠡᠳᠦᠭᠡᠷ ᠲᠠᠪᠤᠨ ᠵᠢᠯ》 ᠤᠨ ᠲᠦᠯᠦᠪᠯᠡᠭᠡᠨ ᠦ ᠠᠩᠬᠠᠳᠤᠭᠠᠷ ᠵᠢᠯ ᠪᠤᠯᠤᠨ᠎ᠠ᠃ ᠨᠡᠢ᠌ᠭᠡᠮ ᠵᠢᠷᠤᠮᠲᠤ ᠰᠢᠨ᠎ᠠ ᠬᠦᠳᠡᠭᠡ ᠲᠤᠰᠬᠤᠨ ᠢ ᠪᠦᠳᠦᠭᠡᠨ ᠪᠠᠢ᠌ᠭᠤᠯᠬᠤ ᠪᠤᠯ 《ᠠᠷᠪᠠᠨ ᠨᠢᠭᠡᠳᠦᠭᠡᠷ ᠲᠠᠪᠤᠨ ᠵᠢᠯ》 ᠤᠨ ᠲᠦᠯᠦᠪᠯᠡᠭᠡᠨ ᠦ ᠴᠢᠬᠤᠯᠠ ᠨᠢᠭᠡᠨ ᠡᠭᠦᠷᠭᠡ ᠮᠦᠨ ᠃ ᠲᠡᠭᠦᠨ ᠦ ᠭᠤᠤᠯ ᠬᠠᠷᠠᠯᠲᠠ ᠪᠤᠯ ᠲᠠᠷᠤᠢ ᠠᠷᠠᠳ ᠲᠦᠮᠡᠨ ᠢ ᠪᠠᠶᠠᠨ ᠴᠢᠨᠡᠭᠡᠯᠢᠭ᠌ ᠠᠵᠤ ᠲᠦᠷᠦᠭᠦᠯᠬᠦ ᠶᠠᠪᠤᠳᠠᠯ ᠪᠤᠯᠤᠨ᠎ᠠ᠃ ᠡᠨᠡ ᠬᠦ ᠬᠠᠷᠠᠯᠲᠠ ᠶᠢ ᠪᠡᠶᠡᠯᠡᠭᠦᠯᠬᠦ ᠲᠤᠬᠠᠢ ᠮᠠᠰᠢ ᠲᠤᠳᠤᠷᠬᠠᠢ ᠱᠠᠭᠠᠷᠳᠠᠯᠭ᠎ᠠ ᠪᠠ ᠪᠠᠷᠢᠮᠵᠢᠶ ᠠ ᠶᠢ ᠲᠤᠷᠠᠳᠤᠭᠰᠠᠨ ᠪᠠᠢ᠌ᠨ᠎ᠠ᠃ ᠭᠡᠳᠡᠯ ᠠ ᠥᠪᠥᠷ ᠮᠣᠩᠭᠣᠯ ᠤᠨ ᠮᠠᠯᠵᠢᠬᠤ ᠤᠷᠤᠨ ᠦ ᠪᠠᠢ᠌ᠭᠠᠯᠢ ᠪᠠ ᠬᠥᠮᠥᠨᠯᠢᠭ᠌ ᠭᠠᠵᠠᠷ ᠵᠦᠢ ᠶᠢᠨ ᠤᠷᠴᠢᠨ ᠲᠤᠭᠤᠷᠢᠨ ᠨᠢ ᠥᠪᠡᠷ ᠤᠨ ᠤᠨᠴᠠᠯᠢᠭᠲᠤ ᠤᠨᠴᠠᠭᠠᠢ ᠨᠦᠭᠦᠴᠡᠯ ᠪᠠᠢ᠌ᠬᠤ ᠡᠴᠡ ᠪᠤᠯᠵᠤ ᠂ ᠨᠡᠢ᠌ᠭᠡᠮ ᠵᠢᠷᠤᠮᠲᠤ ᠰᠢᠨ᠎ᠠ ᠬᠦᠳᠡᠭᠡ ᠲᠤᠰᠬᠤᠨ ᠢ ᠪᠦᠳᠦᠭᠡᠨ ᠪᠠᠢ᠌ᠭᠤᠯᠬᠤ ᠪᠠᠷᠢᠮᠵᠢᠶ ᠠ ᠶᠢ ᠳᠤᠤᠱᠯᠠᠭᠤᠯᠬᠤ ᠳᠤ ᠮᠠᠰᠢ ᠤᠯᠠᠨ ᠠᠰᠠᠭᠤᠳᠠᠯ ᠲᠤᠯᠭᠠᠷᠠᠵᠤ ᠪᠠᠢ᠌ᠨ᠎ᠠ᠃ ᠦᠭᠡᠷ ᠡ ᠪᠡᠷ ᠬᠡᠯᠡᠪᠡᠯ ᠨᠡᠢ᠌ᠭᠡᠮ ᠵᠢᠷᠤᠮᠲᠤ ᠰᠢᠨ᠎ᠠ ᠬᠦᠳᠡᠭᠡ ᠲᠤᠰᠬᠤᠨ ᠢ ᠪᠦᠳᠦᠭᠡᠨ ᠪᠠᠢ᠌ᠭᠤᠯᠬᠤ ᠱᠠᠭᠠᠷᠳᠠᠯᠭ᠎ᠠ ᠨᠢ ᠥᠪᠥᠷ ᠮᠣᠩᠭᠣᠯ ᠤᠨ ᠮᠠᠯᠵᠢᠬᠤ ᠤᠷᠤᠨ ᠳᠤ ᠲᠤᠬᠢᠷᠠᠬᠤ ᠦᠭᠡᠢ ᠵᠦᠢᠯ ᠤᠷᠤᠰᠢᠵᠤ ᠪᠠᠢ᠌ᠨ᠎ᠠ᠃ ᠡᠢ᠌ᠮᠦ ᠡᠴᠡ ᠰᠢᠨ᠎ᠠ ᠮᠠᠯᠵᠢᠬᠤ ᠤᠷᠤᠨ ᠶᠢ ᠪᠦᠳᠦᠭᠡᠨ ᠪᠠᠢ᠌ᠭᠤᠯᠬᠤ ᠳᠤ ᠬᠠᠮᠤᠭ ᠤᠨ ᠲᠡᠷᠢᠭᠦᠨ ᠳᠤ ᠥᠪᠥᠷ ᠮᠣᠩᠭᠣᠯ ᠤᠨ ᠮᠠᠯᠵᠢᠬᠤ ᠤᠷᠤᠨ ᠳᠤ ᠲᠤᠬᠢᠷᠠᠭᠰᠠᠠᠨ ᠰᠢᠨ᠎ᠠ ᠬᠦᠳᠡᠭᠡ ᠲᠤᠰᠬᠤᠨ ᠶᠢ ᠪᠦᠳᠦᠭᠡᠨ ᠪᠠᠢ᠌ᠭᠤᠯᠬᠤ ᠲᠦᠯᠦᠪᠯᠡᠭᠡᠨ ᠳᠤ ᠮᠠᠯᠴᠢᠳ ᠤᠨ ᠤᠷᠤᠰᠢᠨ ᠲᠤᠭᠳᠠᠨᠢᠬᠤ ᠠᠮᠢ ᠠᠬᠤᠢ ᠶᠢᠨ ᠤᠷᠴᠢᠨ ᠲᠤᠭᠤᠷᠢᠨ ᠢ ᠰᠠᠢ᠌ᠵᠢᠷᠠᠭᠤᠯᠬᠤ ᠶᠠᠪᠤᠳᠠᠯ ᠢ ᠲᠡᠷᠢᠭᠦᠨ ᠴᠢᠬᠤᠯᠠ ᠡᠭᠦᠷᠭᠡ ᠪᠠᠷ ᠲᠤᠷᠠᠳᠬᠤ ᠴᠢᠬᠤᠯᠠ ᠲᠠᠢ ᠃ ᠳᠤᠰ ᠥᠭᠥᠯᠡᠯ ᠳᠤ ᠮᠠᠯᠵᠢᠬᠤ ᠤᠷᠤᠨ ᠦ ᠠᠮᠢ ᠠᠬᠤᠢ ᠶᠢᠨ ᠤᠷᠴᠢᠨ ᠲᠤᠭᠤᠷᠢᠨ ᠢ ᠰᠠᠢ᠌ᠵᠢᠷᠠᠭᠤᠯᠬᠤ ᠬᠠᠮᠤᠭ ᠤᠨ ᠪᠦᠳᠦᠮᠵᠢᠲᠠᠢ ᠠᠷᠭ᠎ᠠ ᠪᠠᠷᠢᠯ ᠪᠤᠯ ᠬᠥᠮᠥᠨ ᠢ ᠰᠢᠯᠵᠢᠭᠦᠯᠵᠦ ᠂ ᠪᠡᠯᠴᠢᠭᠡᠷ ᠢ ᠰᠡᠷᠭᠦᠬᠡᠬᠦ ᠠᠷᠭ᠎ᠠ ᠪᠤᠯᠤᠨ᠎ᠠ ᠭᠡᠰᠡᠨ ᠢ ᠥᠭᠥᠯᠡᠭᠰᠡᠨ ᠪᠠᠢ᠌ᠨ᠎ᠠ᠃ |
原文 |
查看原文
|
出自 |
内蒙古师范大学学报(自然科学蒙古文版)
2006年
第4期
|