题名 |
ᠬᠠᠰᠠᠷ ᠤᠨ ᠲᠠᠬᠢᠯᠭ᠎ᠠ ᠪᠤᠯᠤᠨ ᠪᠡᠯᠭᠦᠳᠡᠢ ᠶᠢᠨ ᠲᠠᠬᠢᠯᠭ᠎ᠠ ᠶᠢᠨ ᠳ᠋ᠤᠶᠢᠴᠡᠬᠦᠶᠢᠴᠡ ᠰᠢᠨᠵᠢ |
作者 |
ᠪᠤ᠂ ᠰᠠᠶᠢᠵᠢᠷᠠᠬᠤ |
关键词 |
ᠬᠠᠰᠠᠷ; ᠪᠡᠯᠭᠦᠳᠡᠢ; ᠲᠠᠬᠢᠯᠭ᠎ᠠ; ᠳ᠋ᠦᠢᠴᠡᠭᠦᠶᠢᠴᠡ ᠰᠢᠨᠵᠢ |
摘要 |
ᠬᠠᠰᠠᠷ ᠤᠨ ᠲᠠᠬᠢᠯᠭ᠎ᠠ ᠪᠤᠯᠤᠨ ᠪᠡᠯᠭᠦᠳᠡᠢ ᠶᠢᠨ ᠲᠠᠬᠢᠯᠭ᠎ᠠ ᠪᠤᠯ ᠠᠳᠠᠯᠢ ᠨᠢᠭᠡᠨ ᠰᠤᠶᠤᠯ ᠤᠨ ᠤᠷᠴᠢᠨ ᠳᠤ ᠪᠤᠢ ᠪᠤᠯᠵᠤ᠂ ᠮᠤᠨᠭᠭᠤᠯ ᠦᠨᠳᠰᠦᠦᠲᠡᠨ ᠦ ᠲᠡᠦᠬᠡᠨ ᠬᠦᠭ᠍ᠵᠢᠯ ᠦᠨ ᠱᠠᠲᠤ ᠦᠶ᠎ᠡ ᠳᠦ ᠬᠦᠭ᠍ᠵᠢᠵᠦ ᠬᠤᠪᠢᠷᠠᠵᠤ ᠢᠷᠡᠭᠰᠡᠨ ᠡᠪᠦᠭᠡ ᠳᠡᠭᠡᠳᠦᠰ ᠦᠨ ᠲᠠᠬᠢᠯᠭ᠎ᠠ ᠶᠢᠨ ᠰᠤᠶᠤᠯ ᠤᠨ ᠪᠦᠷᠢᠯᠳᠦᠭᠦᠨ ᠬᠡᠰᠡᠭ ᠪᠤᠯᠤᠨ᠎ᠠ᠃ ᠭᠡᠪᠡᠴᠦ ᠬᠠᠰᠠᠷ ᠪᠤᠯᠤᠨ ᠪᠡᠯᠭᠦᠳᠡᠢ ᠶᠢᠨ ᠦᠷ᠎ᠡ ᠬᠤᠶᠢᠴᠢᠰ ᠤᠨ ᠠᠳᠠᠯᠢ ᠪᠤᠰᠤ ᠠᠴᠠ ᠪᠤᠯᠵᠤ ᠬᠠᠷᠢᠶᠠᠲᠤ ᠠᠶᠢᠮᠠᠭ ᠲᠦᠮᠡᠨ ᠦ ᠬᠢᠨᠢ ᠪᠦᠷᠢᠯᠳᠦᠯ ᠬᠦᠭ᠍ᠵᠢᠯ ᠤᠯᠠᠷᠢᠯ ᠬᠤᠪᠢᠰᠤᠯᠲᠠ ᠶᠢᠨ ᠲᠡᠦᠬᠡᠲᠦ ᠶᠠᠪᠤᠴᠠ ᠳᠤ ᠮᠤᠨᠭᠭᠤᠯ ᠲᠦᠮᠡᠨ ᠦ ᠳᠤᠮᠳᠠ ᠤᠯᠠᠮᠵᠢᠯᠠᠭᠳᠠᠨ ᠪᠦᠬᠦᠢ ᠬᠠᠰᠠᠷ ᠤᠨ ᠲᠠᠬᠢᠯᠭ᠎ᠠ ᠪᠤᠯᠤᠨ ᠪᠡᠯᠭᠦᠳᠡᠢ ᠶᠢᠨ ᠲᠠᠬᠢᠯᠭ᠎ᠠ ᠶᠢᠨ ᠲᠦᠷᠦᠯ ᠵᠤᠶᠢᠯ᠂ ᠶᠤᠰᠤ ᠵᠠᠩᠰᠢᠯ ᠵᠡᠷᠭᠡ ᠨᠢ ᠪᠠᠰᠠ ᠬᠠᠷᠢᠯᠴᠠᠨ ᠠᠳᠠᠯᠢ ᠪᠤᠰᠤ ᠶᠢᠨ ᠤᠨᠴᠠᠯᠢᠭ ᠪᠠᠶᠢᠳᠠᠯ ᠲᠠᠢ ᠪᠤᠯᠤᠭᠰᠠᠨ ᠪᠠᠶᠢᠨ᠎ᠠ᠃ ᠬᠠᠰᠠᠷ ᠤᠨ ᠲᠠᠬᠢᠯᠭ᠎ᠠ ᠪᠤᠯᠤᠨ ᠪᠡᠯᠭᠦᠳᠡᠢ ᠶᠢᠨ ᠲᠠᠬᠢᠯᠭ᠎ᠠ ᠶᠢᠨ ᠠᠳᠠᠯᠢ ᠲᠠᠯ᠎ᠠ ᠪᠠ ᠠᠳᠠᠯᠢ ᠪᠤᠰᠤ ᠲᠠᠯ᠎ᠠ ᠨᠢ ᠡᠨᠡ ᠬᠤᠶᠠᠷ ᠲᠠᠬᠢᠯᠭ᠎ᠠ ᠶᠢᠨ ᠳ᠋ᠦᠢᠴᠡᠭᠦᠶᠢᠴᠡ ᠰᠢᠨᠵᠢ ᠶᠢ ᠲᠤᠭᠲᠠᠭᠠᠵᠤ ᠪᠤᠢ᠃ ᠲᠡᠷᠡᠴᠢᠯᠡᠨ ᠲᠠᠬᠢᠯᠺᠭᠠ ᠶᠢᠨ ᠳ᠋ᠦᠢᠴᠡᠭᠦᠶᠢᠴᠡ ᠰᠢᠨᠵᠢ ᠪᠤᠯ ᠬᠠᠰᠠᠷ ᠤᠨ ᠲᠠᠬᠢᠯᠭ᠎ᠠ ᠪᠤᠯᠤᠨ ᠪᠡᠯᠭᠦᠳᠡᠢ ᠶᠢᠨ ᠲᠠᠬᠢᠯᠭ᠎ᠠ ᠶᠢᠨ ᠬᠠᠷᠢᠴᠠᠭᠤᠯᠤᠭᠰᠠᠨ ᠰᠤᠳᠤᠯᠤᠯ ᠤᠨ ᠦᠨᠳᠦᠰᠦᠨ ᠰᠦᠪᠡᠭ᠍ᠴᠢ ᠪᠤᠯᠤᠨ᠎ᠠ᠃ |
原文 |
查看原文
|
出自 |
中国蒙古学
2010年
第3期
|