摘要 |
ᠨᠤᠳᠤᠭ ᠪᠡᠯᠴᠢᠭᠡᠷ ᠪᠤᠯ ᠮᠠᠯ ᠠᠵᠤ ᠠᠬᠤᠢ ᠶᠢᠨ ᠦᠨᠳᠦᠰᠦᠨ ᠦᠢᠯᠡᠳᠪᠦᠷᠢᠯᠡᠯ ᠤᠨᠨ ᠬᠡᠷᠡᠭᠰᠡᠯ ᠮᠦᠨ᠂ ᠨᠤᠳᠤᠭ ᠪᠠᠯᠴᠢᠭᠡᠷ ᠭᠡᠨ ᠳᠤ ᠦᠮᠴᠢᠯᠡᠭᠳᠡᠬᠦ ᠶᠠᠪᠤᠳᠠᠯ ᠪᠤᠯ ᠠᠵᠤ ᠠᠬᠤᠢ ᠶᠢᠨ ᠬᠦᠭ᠍ᠵᠢᠯᠳᠡ ᠶᠢᠨ ᠴᠢᠬᠤᠯᠠ ᠤᠷᠢᠳᠠᠯ ᠨᠦᠭᠦᠴᠡᠯ ᠪᠤᠯᠤᠨ᠎ᠠ᠃ ᠦᠩᠭᠡᠷᠡᠭᠰᠡᠨ ᠳᠤ ᠨᠤᠳᠤᠭ ᠪᠠᠯᠴᠢᠭᠡᠷ ᠲᠤ ᠲᠠᠩ ᠭᠠᠭᠴᠠ ᠠᠷᠠᠳ ᠨᠡᠢ᠌ᠳᠡ ᠶᠢᠨ ᠦᠮᠴᠢᠯᠡᠯ ᠤᠨ ᠲᠦᠷᠢᠮ ᠢ ᠬᠡᠷᠡᠭᠵᠢᠭᠦᠯᠦᠭᠰᠡᠨ ᠡᠴᠡ ᠲᠤᠷ ᠠ ᠪᠡᠷ ᠠᠰᠢᠭᠯᠠᠬᠤ ᠳᠠᠪᠠ ᠪᠡᠷ ᠮᠠᠯᠳᠠᠬᠤ ᠳᠡᠭᠡᠷᠡᠯᠳᠡᠯᠭᠡ ᠶᠢᠨ ᠴᠢᠨᠠᠷᠲᠠᠢ ᠡᠵᠡᠩᠨᠡᠬᠦ ᠦᠵᠡᠭᠳᠡᠯ ᠪᠤᠢ ᠪᠤᠯᠤᠭᠰᠠᠨ ᠨᠢ ᠨᠤᠳᠤᠭ ᠪᠡᠯᠴᠢᠭᠡᠷ ᠢ ᠡᠯᠡᠰᠦᠷᠭᠡᠭᠵᠢᠭᠦᠯᠦᠭᠰᠡᠨ ᠦᠨᠳᠦᠰᠦᠨ ᠰᠢᠯᠳᠠᠭᠠᠨ ᠪᠤᠯᠤᠭᠰᠠᠨ ᠶᠤᠮ᠂ ᠡᠨᠡ ᠡᠳᠦᠷ ᠪᠢᠳᠡ ᠡᠭᠦᠨ ᠡᠴᠡ ᠰᠣᠷᠭᠠᠮᠵᠢ ᠠᠪᠴᠤ ᠦᠮᠴᠢᠯᠡᠬᠦ ᠡᠷᠭᠡ ᠪᠠ ᠡᠵᠡᠩᠨᠡᠬᠦ ᠡᠷᠬᠡ ᠶᠢ ᠤᠯᠠᠮ ᠰᠢᠯᠤᠭᠤᠳᠬᠠᠨ ᠨᠤᠳᠤᠭ ᠪᠡᠯᠴᠢᠭᠡᠷ ᠢ ᠵᠦᠢ ᠵᠤᠬᠢᠰᠲᠠᠢ ᠠᠰᠢᠭᠯᠠᠬᠤ ᠳᠤ ᠬᠠᠤᠯᠢ ᠶᠢᠨ ᠪᠠᠳᠤᠯᠠᠭ᠎ᠠ ᠪᠠ ᠤᠨᠤᠯ ᠤᠨ ᠡᠰᠢ ᠪᠡᠷᠢᠮᠳᠡ ᠶᠢ ᠬᠠᠩᠭ᠋ᠠᠬᠤ ᠭᠡᠷᠡᠭᠳᠡᠢ᠃ |