摘要 |
ᠪᠦᠭᠡ ᠪᠤᠯ ᠮᠤᠩᠭ᠋ᠤᠯ ᠦᠨᠳᠦᠰᠦᠳᠡᠨ ᠤ ᠪᠦᠭᠡ ᠪᠠᠷᠢᠯᠳᠤᠬᠤ ᠶᠢᠨ ᠲᠤᠪᠴᠢ ᠨᠡᠷᠡᠢ᠌ᠳᠦᠯ ᠪᠤᠯᠤᠨ᠎ᠠ᠃ ᠮᠤᠩᠭ᠋ᠤᠯᠴᠤᠳ ᠤᠭ ᠨᠢ ᠪᠦᠭᠡ ᠪᠠᠷᠢᠯᠳᠤᠬᠤ ᠳᠤ ᠴᠠᠭ ᠤᠨ ᠬᠢᠵᠠᠭᠠᠷ᠂ ᠨᠠᠰᠤ ᠵᠢᠯ᠂ ᠪᠡᠶ᠎ᠡ ᠶᠢᠨ ᠬᠦᠨᠳᠦ ᠬᠦᠩᠭᠡᠨ᠂ ᠦᠶ᠎ᠡ ᠵᠡᠷᠭᠡ᠂ ᠦᠨᠳᠦᠰᠦᠳᠡᠨ ᠤᠭᠰᠠᠭᠠᠳᠠᠨ᠂ ᠭᠠᠵᠠᠷ ᠨᠤᠳᠤᠭ ᠭᠡᠵᠦ ᠢᠯᠭᠠᠬᠤ ᠦᠭᠡᠢ ᠬᠦᠮᠦᠨ ᠪᠦᠬᠦᠨ ᠲᠤᠷᠠᠳᠠᠢ᠌ᠶ ᠠ ᠤᠷᠤᠯᠴᠠᠨ ᠡᠷᠭᠡ ᠲᠡᠭᠰᠢ ᠪᠡᠷ ᠪᠠᠷᠢᠯᠳᠤᠵᠤ᠂ ᠡᠷ᠎ᠡ ᠪᠡᠶ᠎ᠡ ᠶᠢᠨ ᠬᠦᠴᠦ ᠲᠠᠮᠢᠷ᠂ ᠤᠷ᠎ᠠ ᠠᠪᠢᠶᠠᠰ ᠶᠢᠡᠨ ᠰᠢᠯᠭᠠᠬᠤ ᠶᠢ ᠰᠤᠷᠳᠠᠯᠴᠢᠯᠠᠭᠰᠠᠨ ᠤᠯᠠᠨ ᠲᠦᠮᠡᠨᠴᠢ ᠴᠢᠨᠠᠷᠳᠠᠢ ᠪᠡᠶ᠎ᠡ ᠲᠠᠮᠢᠷ ᠤᠨ ᠬᠦᠳᠡᠯᠭᠡᠭᠡᠨ ᠪᠤᠯᠬᠤ ᠶᠤᠮ᠃ ᠡᠢ᠌ᠮᠤ ᠪᠠᠢ᠌ᠳᠠᠭ ᠶᠢᠡᠷ ᠶᠢᠡᠨ ᠮᠤᠩᠭ᠋ᠤᠯ ᠪᠦᠭᠡ ᠨᠢ ᠦᠨᠳᠦᠰᠦᠳᠡᠨ ᠨᠤᠭᠦᠳ ᠤᠨ ᠠᠷᠠᠳ ᠲᠦᠮᠡᠨ ᠤ ᠬᠠᠢ᠌ᠷ᠎ᠠ ᠪᠠᠬᠠᠷᠤᠯ ᠢ ᠲᠠᠳᠠᠨ ᠬᠦᠭ᠍ᠵᠢᠨ ᠮᠠᠨᠳᠤᠭᠰᠠᠭᠠᠷ ᠢᠷᠡᠪᠡ᠃ |