论文信息


题名 ᠬᠡᠯᠡᠨ ᠦ ᠬᠤᠪᠢᠷᠠᠯ ᠬᠦᠭᠵᠢᠯ ᠦᠨ ᠲᠤᠬᠠᠢ ᠠᠮᠢ ᠠᠬᠤᠢ ᠶᠢᠨ ᠬᠡᠯᠡ ᠰᠢᠨᠵᠢᠯᠡᠯ ᠦᠨ ᠲᠠᠢᠯᠪᠤᠷᠢᠯᠠᠯ
作者 ᠯ‍ · ᠲᠤᠭᠲᠠᠮᠪᠠᠶᠠᠷ
关键词 ᠠᠮᠢ ᠠᠬᠤᠢ ᠶᠢᠨ ᠬᠡᠯᠡ ᠰᠢᠨᠵᠢᠯᠡᠯ; ᠬᠡᠯᠡᠨ ᠦ ᠣᠯᠠᠨ ᠶᠠᠩᠵᠤᠲᠤ ᠰᠢᠨᠵᠢ; ᠬᠡᠯᠡᠨ ᠦ ᠠᠮᠢ ᠠᠬᠤᠢ ᠶᠢᠨ ᠲᠡᠩᠴᠡᠭᠦᠷᠢᠲᠦ ᠰᠢᠨᠵᠢ
摘要 ᠠᠮᠢ ᠠᠬᠤᠢ ᠶᠢᠨ ᠬᠡᠯᠡ ᠰᠢᠨᠵᠢᠯᠡᠯ ᠨᠢ ᠠᠮᠢ ᠠᠬᠤᠢ ᠶᠢᠨ ᠡᠭᠦᠳᠡᠨ ᠡᠴᠡ ᠬᠡᠯᠡᠨ ᠦ ᠬᠤᠪᠢᠷᠠᠯ ᠬᠦᠭᠵᠢᠯ ᠦᠨ ᠶᠠᠪᠤᠴᠠ ᠬᠢᠭᠡᠳ ᠵᠢᠮ᠎ᠡ ᠬᠠᠤᠯᠢ ᠶᠢ ᠰᠤᠳᠤᠯᠳᠠᠭ᠃ ᠠᠮᠢ ᠠᠬᠤᠢ ᠶᠢᠨ ᠬᠡᠯᠡ ᠰᠢᠨᠵᠢᠯᠡᠯ ᠦᠨ ᠦᠵᠡᠬᠦ ᠪᠡᠷ ᠬᠡᠯᠡᠨ ᠦ ᠬᠤᠪᠢᠷᠠᠯ ᠬᠦᠭᠵᠢᠯ ᠦᠨ ᠭᠤᠤᠯ ᠰᠢᠯᠲᠠᠭᠠᠨ ᠨᠢ ᠬᠡᠯᠡᠨ ᠦ ᠲᠤᠰ ᠪᠡᠶ᠎ᠡ ᠶᠢᠨ ᠬᠦᠴᠦᠷᠬᠡᠭ ᠪᠡ ᠪᠠᠭᠠᠤᠷᠠᠢ ᠳᠤ ᠪᠠᠢᠬᠤ ᠪᠢᠰᠢ᠂ ᠬᠠᠷᠢᠨ ᠬᠡᠯᠡᠨ ᠦ ᠠᠮᠢ ᠠᠬᠤᠢ ᠶᠢᠨ ᠣᠷᠴᠢᠨ ᠲᠠᠢ ᠬᠤᠯᠪᠤᠭᠳᠠᠨ᠎ᠠ᠃ ᠬᠡᠯᠡᠨ ᠦ ᠠᠮᠢ ᠠᠬᠤᠢ ᠶᠢᠨ ᠣᠷᠴᠢᠨ ᠤ ᠣᠯᠠᠨ ᠡᠯᠧᠮᠧᠨ᠋ᠲ ᠨᠢ ᠬᠡᠯᠡᠨ ᠦ ᠨᠡᠢᠭᠡᠮ ᠦᠨ ᠬᠡᠷᠡᠭᠯᠡᠭᠡᠨ ᠦ ᠴᠢᠳᠠᠮᠵᠢ ᠶᠢᠨ ᠦᠷᠭᠡᠳᠬᠦ ᠪᠡ ᠢᠪᠴᠤᠷᠠᠬᠤ ᠶᠢ ᠰᠢᠭᠤᠳ ᠨᠦᠯᠦᠭᠡᠯᠡᠳᠡᠭ᠃ ᠬᠡᠯᠡᠨ ᠦ ᠠᠮᠢ ᠠᠬᠤᠢ ᠶᠢᠨ ᠣᠷᠴᠢᠨ ᠢ ᠰᠠᠢᠵᠢᠷᠠᠭᠤᠯᠪᠠᠯ ᠰᠠᠶᠢ ᠬᠡᠯᠡ ᠨᠢ ᠡᠷᠡᠭᠦᠯ ᠢᠶᠡᠷ ᠬᠦᠭᠵᠢᠵᠦ ᠳᠡᠢᠯᠦᠨ᠎ᠡ᠃ ᠭᠡᠬᠦ ᠳᠦ ᠪᠡᠨ ᠬᠡᠯᠡᠨ ᠦ ᠡᠵᠡᠷᠬᠡᠭᠯᠡᠯ ᠢ ᠡᠰᠡᠷᠭᠦᠴᠡᠵᠦ᠂ ᠣᠯᠠᠨ ᠬᠡᠯᠡ ᠶᠢ ᠵᠡᠷᠭᠡ ᠪᠡᠷ ᠬᠦᠭᠵᠢᠭᠦᠯᠬᠦ᠂ ᠬᠡᠯᠡᠨ ᠦ ᠣᠯᠠᠨ ᠶᠠᠩᠵᠤᠲᠤ ᠰᠢᠨᠵᠢ ᠶᠢ ᠬᠦᠭᠵᠢᠭᠦᠯᠬᠦ᠂ ᠬᠡᠯᠡᠨ ᠦ ᠨᠡᠢᠭᠡᠮ ᠦᠨ ᠬᠡᠷᠡᠭᠯᠡᠭᠡᠨ ᠦ ᠴᠢᠳᠠᠮᠵᠢ ᠶᠢ ᠦᠷᠭᠡᠳᠭᠡᠬᠦ᠂ ᠬᠡᠯᠡᠨ ᠦ ᠡᠷᠬᠡ ᠲᠡᠭᠰᠢ᠂ ᠬᠠᠷᠢᠯᠴᠠᠨ ᠠᠰᠢᠭ ᠲᠠᠢ᠂ ᠬᠠᠮᠲᠤᠷᠠᠯᠴᠠᠨ ᠬᠦᠭᠵᠢᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃
原文 查看原文
出自 蒙古学研究 2015年 第1期

联系我们


内蒙古大学图书馆
呼和浩特市大学西路235号
中国·内蒙古
P: (0471) 4992561
E: huangfeilong@imu.edu.cn