摘要 |
ᠦᠨᠳᠦᠰᠦᠲᠡᠨ ᠦ ᠲᠤᠮᠢᠶᠠᠯᠠᠯ ᠢ ᠵᠦᠪ ᠣᠢ᠌ᠯᠠᠭᠠᠬᠤ ᠨᠢ ᠦᠨᠳᠦᠰᠦᠲᠡᠨ ᠦ ᠣᠨᠣᠯ ᠤᠨ ᠪᠦᠬᠦ ᠠᠭᠤᠯᠭ᠎ᠠ ᠶᠢ ᠰᠠᠢ᠋ᠲᠤᠷ ᠰᠤᠷᠴᠤ ᠡᠵᠡᠮᠰᠢᠬᠦ ᠶᠢᠨ ᠠᠨᠢᠰᠤ ᠪᠤᠯᠤᠨ᠎ᠠ᠃ ᠵᠢᠭᠠᠨ ᠰᠤᠷᠭᠠᠯᠲᠠ ᠶᠢᠨ ᠶᠠᠪᠤᠴᠠ ᠳᠤ ᠦᠨᠳᠦᠰᠦᠲᠡᠨ ᠦ ᠲᠤᠮᠢᠶᠠᠯᠠᠯ ᠳᠤ ᠰᠢᠨᠵᠢᠯᠡᠬᠦ ᠤᠬᠠᠭᠠᠨᠴᠢ ᠵᠠᠳᠠᠯᠤᠯᠲᠠ ᠬᠢᠵᠦ᠂ ᠵᠦᠪ ᠲᠠᠢ᠌ᠯᠪᠤᠷᠢᠯᠠᠪᠠᠯ ᠰᠠᠶᠢ ᠤᠶᠤᠲᠠᠳ ᠢ ᠮᠠᠷᠺᠰ ᠤᠨ ᠦᠵᠡᠯ ᠦᠨ ᠦᠨᠳᠦᠰᠦᠲᠡᠨ ᠦ ᠦᠵᠡᠯᠲᠡ ᠪᠡᠷ ᠦᠨᠳᠦᠰᠦᠲᠡᠨ ᠦ ᠠᠰᠠᠭᠤᠳᠠᠯ ᠢ ᠠᠵᠢᠭᠯᠠᠨ ᠵᠠᠳᠠᠯᠬᠤ ᠴᠢᠳᠠᠪᠤᠷᠢ ᠲᠠᠢ ᠪᠤᠯᠭᠠᠨ ᠬᠦᠮᠦᠵᠢᠭᠦᠯᠵᠦ ᠴᠢᠳᠠᠨ᠎ᠠ᠃ ᠡᠭᠦᠨ ᠳᠦ ᠪᠠᠭᠰᠢ ᠪᠤᠯᠤᠭᠰᠠᠳ ᠵᠢᠭᠠᠬᠤ ᠮᠠᠲ᠋ᠧᠷᠢᠶᠠᠯ ᠤᠨ ᠠᠭᠤᠯᠭ᠎ᠠ ᠶᠢ ᠨᠡᠪᠲᠡᠷᠬᠡᠢ ᠡᠵᠡᠮᠰᠢᠭᠰᠡᠨ ᠦ ᠰᠠᠭᠤᠷᠢᠨ ᠳᠤ ᠦᠨᠳᠦᠰᠦᠲᠡᠨ ᠦ ᠣᠨᠣᠯ ᠤᠨ ᠲᠤᠬᠠᠢ ᠰᠤᠳᠤᠯᠭᠠᠨ ᠤ ᠰᠢᠨ᠎ᠡ ᠦᠷ᠎ᠡ ᠪᠦᠲᠦᠭᠡᠯ ᠢ ᠰᠢᠩᠭᠡᠭᠡᠨ ᠠᠪᠴᠤ᠂ ᠬᠤᠪᠢᠰᠬᠠᠯ ᠤᠨ ᠪᠠᠭᠰᠢ ᠨᠠᠷ ᠤᠨ ᠦᠨᠳᠦᠰᠦᠲᠡᠨ ᠦ ᠠᠰᠠᠭᠤᠳᠠᠯ ᠤᠨ ᠲᠤᠬᠠᠢ ᠦᠭᠦᠯᠡᠭᠰᠡᠨ ᠤᠭ ᠵᠤᠬᠢᠶᠠᠯ ᠢ ᠤᠩ᠋ᠰᠢᠬᠤ ᠬᠡᠷᠡᠭᠲᠡᠢ ᠭᠡᠬᠦ ᠰᠠᠨᠠᠭᠤᠯᠭ᠎ᠠ ᠶᠢ ᠳᠤᠷᠠᠳᠴᠠᠢ᠃ |