题名 |
ᠲᠠᠨᠢᠨ ᠮᠡᠳᠡᠭᠦᠢ ᠶᠢᠨ ᠦᠭᠦᠯᠡᠪᠦᠷᠢ ᠵᠦᠢ ᠶᠢᠨ ᠰᠤᠳᠤᠯᠤᠯ ᠤᠨ ᠣᠨᠣᠯ᠂ ᠠᠷᠭ᠎ᠠ ᠪᠠ ᠰᠤᠳᠤᠯᠤᠭᠳᠠᠬᠤᠨ |
作者 |
ᠠᠯᠲᠠᠨᠰᠦ᠋ᠬᠡ |
关键词 |
ᠲᠠᠨᠢᠨ ᠮᠡᠳᠡᠭᠦᠢ ᠶᠢᠨ ᠦᠭᠦᠯᠡᠪᠦᠷᠢ ᠵᠦᠢ; ᠳᠦᠷᠰᠦᠵᠢᠭᠦᠯᠦᠯ; ᠲᠠᠨᠢᠨ ᠮᠡᠳᠡᠭᠦᠢ ᠶᠢᠨ ᠠᠷᠭ᠎ᠠ ᠪᠠᠷᠢᠯ |
摘要 |
ᠦᠭᠦᠯᠡᠯ ᠳᠦ ᠲᠠᠨᠢᠨ ᠮᠡᠳᠡᠭᠦᠢ ᠶᠢᠨ ᠦᠭᠦᠯᠡᠪᠦᠷᠢ ᠵᠦᠢ ᠶᠢᠨ ᠰᠤᠳᠤᠯᠤᠯ ᠤᠨ ᠣᠨᠣᠯ᠂ ᠠᠷᠭ᠎ᠠ᠂ ᠰᠤᠳᠤᠯᠤᠭᠳᠠᠬᠤᠨ ᠢ ᠲᠤᠳᠤᠷᠬᠠᠢ᠌ᠯᠠᠵᠤ᠂ ᠲᠡᠭᠦᠨ ᠢ ᠠᠰᠢᠭᠯᠠᠨ ᠮᠣᠩ᠋ᠭᠤᠯ ᠬᠡᠯᠡᠨ ᠦ ᠦᠭᠦᠯᠡᠪᠦᠷᠢ ᠵᠦᠢ ᠶᠢᠨ ᠪᠦᠲᠦᠴᠡ ᠪᠦᠷᠢᠯᠳᠦᠭᠦᠨ ᠬᠢᠭᠡᠳ ᠦᠭᠦᠯᠡᠪᠦᠷᠢ ᠶᠢᠨ ᠤᠳᠬ᠎ᠠ ᠶᠢᠨ ᠪᠦᠲᠦᠴᠡ ᠪᠦᠷᠢᠯᠳᠦᠭᠦᠨ ᠢ ᠲᠠᠢ᠌ᠯᠪᠤᠷᠢᠯᠠᠨ ᠰᠤᠳᠤᠯᠬᠤ ᠴᠢᠬᠤᠯᠠ ᠴᠢᠨᠠᠷ ᠢ ᠦᠭᠦᠯᠡᠭᠰᠡᠨ ᠪᠠᠢ᠌ᠨ᠎ᠠ᠃ ᠲᠠᠨᠢᠨ ᠮᠡᠳᠡᠭᠦᠢ ᠶᠢᠨ ᠦᠭᠦᠯᠡᠪᠦᠷᠢ ᠵᠦᠢ ᠶᠢᠨ ᠰᠤᠳᠤᠯᠤᠯ ᠨᠢ ᠲᠠᠨᠢᠨ ᠮᠡᠳᠡᠭᠦᠢ ᠶᠢᠨ ᠬᠡᠯᠡ ᠰᠢᠨᠵᠢᠯᠡᠯ ᠳᠦ ᠬᠠᠷᠢᠶᠠᠯᠠᠭᠳᠠᠵᠤ᠂ ᠭᠤᠤᠯᠳᠠᠭᠤ ᠬᠦᠮᠦᠨ ᠦ ᠡᠩ ᠦᠨ ᠲᠠᠨᠢᠨ ᠮᠡᠳᠡᠭᠦᠢ ᠶᠢᠨ ᠬᠡᠯᠪᠡᠷᠢ᠂ ᠲᠠᠨᠢᠨ ᠮᠡᠳᠡᠭᠦᠢ ᠶᠢᠨ ᠴᠢᠳᠠᠪᠤᠷᠢ ᠠᠴᠠ ᠡᠭᠦᠰᠴᠦ ᠦᠭᠦᠯᠡᠪᠦᠷᠢ ᠵᠦᠢ ᠶᠢᠨ ᠪᠦᠲᠦᠴᠡ ᠪᠦᠷᠢᠯᠳᠦᠭᠦᠨ ᠢ ᠲᠠᠢ᠌ᠯᠪᠤᠷᠢᠯᠠᠨ ᠰᠢᠨᠵᠢᠯᠡᠬᠦ ᠰᠢᠨᠵᠢᠯᠡᠭᠡᠨ ᠪᠤᠯᠤᠨ᠎ᠠ᠃ ᠣᠳᠤᠬᠠᠨ᠎ᠠ ᠬᠡᠯᠡ ᠰᠢᠨᠵᠢᠯᠡᠯ ᠳᠦ ᠣᠯᠠᠨ ᠣᠨᠣᠯ ᠪᠠ ᠠᠷᠭ᠎ᠠ ᠡᠭᠦᠰᠴᠦ ᠪᠤᠢ᠃ ᠪᠢᠳᠡᠨ ᠲᠡᠭᠦᠨ ᠢ ᠪᠦᠲᠦᠭᠡᠯᠴᠢ ᠪᠡᠷ ᠠᠰᠢᠭᠯᠠᠨ᠂ ᠮᠣᠩ᠋ᠭᠤᠯ ᠬᠡᠯᠡᠨ ᠦ ᠦᠭᠦᠯᠡᠪᠦᠷᠢ ᠵᠦᠢ ᠶᠢᠨ ᠪᠦᠲᠦᠴᠡ ᠶᠢ ᠲᠠᠢ᠌ᠯᠪᠤᠷᠢᠯᠠᠨ ᠰᠢᠨᠵᠢᠯᠡᠵᠦ᠂ ᠬᠡᠯᠡᠨ ᠦ ᠦᠵᠡᠭᠳᠡᠯ ᠦᠨ ᠠᠷᠤ ᠳᠠᠬᠢ ᠲᠠᠨᠢᠨ ᠮᠡᠳᠡᠭᠦᠢ ᠶᠢᠨ ᠦᠨᠳᠦᠰᠦᠯᠡᠯ ᠢ ᠰᠦᠪᠡᠭ᠍ᠴᠢᠯᠡᠨ ᠭᠠᠷᠭᠠᠪᠠᠯ ᠵᠤᠬᠢᠨ᠎ᠠ ᠭᠡᠵᠦ ᠦᠵᠡᠵᠡᠢ᠃ |
原文 |
查看原文
|
出自 |
蒙古学研究
2011年
第3期
|