题名 |
RSᠵᠢᠴᠢGIS ᠤᠨ ᠮᠡᠷᠭᠡᠵᠢᠯ ᠶᠢᠨᠷ ᠰᠠᠭᠤᠷᠢᠯᠠᠨ ᠲᠠᠷᠢᠶᠠᠯᠠᠬᠤ ᠮᠠᠯᠵᠢᠬᠤ ᠬᠤᠯᠢᠯᠳᠤᠭᠰᠠᠨ ᠤᠷᠤᠨ ᠦ ᠭᠠᠵᠠᠷ ᠰᠢᠷᠦᠢ ᠶᠢᠨ ᠠᠰᠢᠭᠯᠠᠯᠲᠠ ᠶᠢᠨ ᠬᠦᠳᠡᠯᠦᠩᠬᠢ ᠪᠠᠢ᠌ᠳᠠᠯ ᠢ ᠬᠢᠨᠡᠨ ᠬᠡᠮᠵᠢᠬᠦ ᠪᠠ ᠨᠦᠯᠦᠭᠡᠯᠡᠬᠦ ᠬᠦᠴᠦᠨ ᠢ ᠰᠤᠳᠤᠯᠬᠤ ᠨᠢ — ᠴᠠᠬᠠᠷ ᠪᠠᠷᠠᠭᠤᠨ ᠭᠠᠷᠤᠨ ᠡᠮᠤᠨᠡᠳᠦ ᠬᠤᠰᠢᠭᠤ ᠪᠡᠷ ᠵᠢᠱᠢᠶᠡᠯᠡᠬᠦ ᠨᠢ |
作者 |
ᠰᠢ ᠳ᠋ᠦᠩ ᠮᠸᠢ ; ᠪᠤᠤ ᠢᠦᠢ ᠬᠠᠢ |
关键词 |
RS;GIS ; ᠴᠠᠬᠠᠷ ᠪᠠᠷᠠᠭᠤᠨ ᠭᠠᠷᠤᠨ ᠡᠮᠤᠨᠡᠳᠦ ᠬᠤᠰᠢᠭᠤ ; ᠭᠠᠵᠠᠷ ᠰᠢᠷᠦᠢ ᠶᠢᠨ ᠠᠰᠢᠭᠯᠠᠯᠲᠠ ᠶᠢᠨ ᠬᠤᠪᠢᠷᠠᠯᠲᠠ; ᠨᠦᠯᠦᠭᠡᠯᠡᠬᠦ ᠬᠦᠴᠦᠨ |
摘要 |
ᠳᠤᠰ ᠥᠭᠥᠯᠡᠯ ᠨᠢ ᠴᠠᠬᠠᠷ ᠪᠠᠷᠠᠭᠤᠨ ᠭᠠᠷᠤᠨ ᠡᠮᠤᠨᠡᠳᠦ ᠬᠤᠰᠢᠭᠤ ᠪᠡᠷ ᠵᠢᠱᠢᠶᠡᠯᠡᠵᠦ᠂ ᠬᠤᠶᠠᠷ ᠬᠤᠭᠤᠴᠠᠭᠠᠨ ᠦ ᠠᠯᠤᠰ ᠰᠡᠷᠡᠯ ᠤᠨ ᠵᠢᠷᠤᠭ ᠲᠦᠷᠰᠦ ᠶᠢ ᠠᠰᠢᠭᠯᠠᠵᠤ᠂RSᠵᠢᠴᠢGIS ᠢ ᠬᠠᠷᠢᠴᠠᠨ ᠤᠶᠠᠯᠳᠤᠭᠤᠯᠤᠨ ᠂ ᠬᠠᠮᠢᠶ ᠠ ᠪᠦᠬᠦᠢ ᠠᠵᠤ ᠠᠬᠤᠢ ᠶᠢᠨ ᠪᠦᠷᠢᠳᠭᠡᠯ ᠲᠤᠭ᠎ᠠ ᠪᠠᠷᠢᠮᠳᠠ ᠶᠢ ᠬᠠᠪᠰᠤᠷᠭᠠᠨ ᠂ ᠲᠤᠰ ᠤᠷᠤᠨ 2000᠍᠍᠍~2005ᠤᠨ ᠬᠦᠷᠳᠡᠯᠡᠬᠢ ᠬᠤᠭᠤᠴᠠᠭᠠᠨ ᠳᠡᠬᠢ ᠭᠠᠵᠠᠷ ᠰᠢᠷᠦᠢ ᠶᠢᠨ ᠠᠰᠢᠭᠯᠠᠯᠲᠠ ᠶᠢᠨ ᠬᠦᠳᠡᠯᠦᠩᠬᠦᠢ ᠪᠠᠢ᠌ᠳᠠᠯ ᠤᠨ ᠬᠤᠪᠢᠷᠠᠯᠲᠠ ᠶᠢ ᠵᠠᠳᠠᠯᠤᠨ ᠰᠤᠳᠤᠯᠬᠤ ᠶᠢᠨ ᠬᠠᠮᠳᠤ ᠴᠢᠨᠠᠷ ᠤᠨ ᠲᠠᠯ ᠠ ᠡᠴᠡ ᠭᠠᠵᠠᠷ ᠰᠢᠷᠦᠢ ᠶᠢᠨ ᠠᠰᠢᠯᠯᠠᠯᠲᠠ ᠶᠢᠨ ᠬᠤᠪᠢᠷᠠᠯᠲᠠ ᠶᠢᠨ ᠨᠦᠯᠦᠭᠡᠯᠡᠬᠦ ᠬᠦᠴᠦᠨ ᠢ ᠰᠤᠳᠤᠯᠵᠤ ᠂ ᠴᠢᠨᠠᠭᠰᠢᠯᠠᠨ ᠭᠠᠵᠠᠷ ᠰᠢᠷᠦᠢ ᠶᠢᠨ ᠠᠰᠢᠭᠯᠠᠯᠲᠠ ᠶᠢᠨ ᠦᠷᠭᠦᠯᠵᠢᠯᠡᠬᠦᠢ᠌ᠴᠡ ᠬᠦᠭ᠍ᠵᠢᠯᠳᠡ ᠶᠢᠨ ᠠᠷᠭ᠎ᠠ ᠠᠪᠴᠢᠯ ᠢ ᠲᠤᠷᠠᠳᠤᠭᠰᠠᠨ ᠪᠠᠢ᠌ᠨ᠎ᠠ᠃ ᠰᠤᠳᠤᠯᠤᠯᠲᠠ ᠶᠢᠨ ᠦᠷ ᠡ ᠳ᠋ᠦᠩ ᠳᠤ ᠂ ᠤᠷᠴᠢᠮ ᠤᠨ ᠳᠠᠪᠤᠨ ᠵᠢᠯ ᠳᠤ ᠬᠤᠪᠢᠷᠠᠯᠲᠠ ᠪᠡᠷ ᠬᠠᠮᠤᠭ ᠤᠨ ᠶᠡᠬᠡ ᠭᠠᠵᠠᠷ ᠰᠢᠷᠦᠢ ᠶᠢᠨ ᠠᠰᠢᠭᠯᠠᠯᠲᠠ ᠶᠢᠨ ᠲᠦᠷᠦᠯ ᠵᠦᠢᠯ ᠪᠤᠯ ᠪᠡᠯᠴᠢᠭᠡᠷ(草地)᠂ ᠂ ᠳᠠᠷᠠᠭᠠᠯᠠᠪᠠᠯ ᠲᠠᠷᠢᠶᠠᠨ ᠭᠠᠵᠠᠷ ᠂ ᠬᠤᠳᠠ ᠲᠤᠰᠬᠤᠨ᠂ ᠦᠢᠯᠡᠳᠪᠦᠷᠢ ᠠᠭᠤᠷᠬᠠᠢ᠂ ᠰᠠᠭᠤᠭᠠᠯᠢ ᠠᠷᠠᠳ ᠤᠨ ᠭᠠᠵᠠᠷ ᠂ ᠮᠤᠳᠤᠨ ᠭᠠᠵᠠᠷ ᠂ ᠠᠰᠢᠭᠯᠠᠭᠠᠲᠤᠢ ᠭᠠᠵᠠᠷ ᠵᠡᠷᠭᠡ ᠪᠠᠭᠳᠠᠨ᠎ᠠ᠃ ᠬᠤᠪᠢᠷᠠᠯᠲᠠ ᠨᠢ ᠬᠠᠮᠤᠭ ᠤᠨ ᠪᠠᠭ᠎ᠠ ᠨᠢ ᠤᠰᠤᠨ ᠤᠷᠤᠨ ᠪᠤᠯᠤᠨ᠎ᠠ᠃ |
原文 |
查看原文
|
出自 |
内蒙古师范大学学报(自然科学蒙古文版)
2007年
第1期
|