摘要 |
ᠨᠣᠮ ᠤᠨ ᠰᠠᠩ ᠨᠢ ᠶᠡᠬᠡ ᠰᠤᠷᠭᠠᠭᠤᠯᠢ ᠳ᠋ᠤ ᠠᠪᠴᠦ ᠬᠡᠯᠡᠪᠡᠯ ᠮᠡᠳᠡᠯᠭᠡ ᠶᠢᠨ ᠡᠬᠢ ᠰᠤᠷᠪᠤᠯᠵᠢ ᠵᠢ ᠬᠤᠷᠠᠮᠳᠤᠭᠤᠯᠤᠭᠰᠠᠨ ᠭᠠᠵᠠᠷ ᠪᠣᠯᠬᠤ ᠶᠣᠮ᠃
ᠶᠡᠬᠡ ᠰᠤᠷᠭᠠᠭᠤᠯᠢ ᠶᠢᠨ ᠨᠣᠮ ᠤᠨ ᠰᠠᠩ ᠢ ᠬᠡᠷᠬᠢᠨ ᠡᠷᠬᠢᠯᠡᠬᠦ ᠶᠠᠪᠤᠳᠠᠯ ᠪᠣᠯ ᠶᠡᠬᠡ ᠰᠤᠷᠭᠠᠭᠤᠯᠢ ᠶᠢᠨ ᠨᠣᠮ ᠤᠨ ᠰᠠᠩᠴᠢᠳ ᠤᠨ ᠡᠮᠦᠨ ᠲᠤᠯᠭᠠᠷᠠᠵᠤ ᠪᠠᠢᠭ᠎ᠠ ᠰᠢᠨ᠎ᠡ ᠡᠭᠡᠷᠭᠡ ᠬᠠᠷᠢᠭᠤᠴᠠᠯᠭ᠎ᠠ ᠮᠦᠨ᠃ ᠶᠡᠬᠡ ᠰᠤᠷᠭᠠᠭᠤᠯᠢ ᠶᠢᠨ ᠨᠣᠮ ᠤᠨ ᠰᠠᠩ ᠳ᠋ᠤ ᠰᠤᠷᠭᠠᠨ ᠬᠦᠮᠦᠵᠢᠯ ᠤᠨ ᠠᠵᠢᠯ ᠪᠠ ᠡᠷᠳᠡᠮ ᠰᠢᠨᠵᠢᠯᠡᠭᠨᠡ ᠤ ᠱᠠᠭᠠᠷᠳᠠᠯᠭ᠎ᠠ ᠡᠴᠡ ᠪᠣᠯᠤᠵ᠂ ᠤᠯᠠᠨ ᠲᠦᠷᠦᠯ ᠤᠨ ᠨᠣᠮ ᠪᠢᠴᠢᠭ ᠬᠠᠳᠠᠭᠠᠯᠠᠬᠤ ᠰᠠᠢᠨᠵᠢᠯᠡᠬᠦ ᠤᠬᠠᠭᠠᠨᠴᠢ ᠰᠢᠰᠲ᠋ᠸᠮ ᠪᠠᠨ ᠪᠦᠷᠢᠨ ᠲᠦᠭᠦᠷ ᠦᠢᠯᠡᠴᠢᠯᠡᠭᠡᠨ ᠤ ᠰᠢᠰᠲ᠋ᠸᠮ ᠢ ᠪᠠᠢᠭᠤᠯᠬᠤ ᠬᠡᠷᠡᠭᠲᠡᠢ ᠭᠡᠵᠦ 《ᠲᠤᠮᠲᠠᠳᠤ ᠤᠯᠤᠰ ᠤᠨ ᠲᠡᠭᠡᠳᠦ ᠰᠤᠷᠭᠠᠭᠤᠯᠢ ᠶᠢᠨ ᠨᠣᠮ ᠤᠨ ᠰᠠᠩ ᠤᠨ ᠠᠵᠢᠯ ᠤᠨ ᠲᠤᠭᠲᠠᠭᠠᠯ》 ᠳ᠋ᠤ ᠲᠤᠳᠤᠷᠬᠠᠢ ᠲᠤᠷᠠᠳᠤᠭᠰᠠᠨ ᠪᠢᠯᠡ᠃ ᠤᠨᠤᠯ ᠤᠨ ᠬᠤᠪᠢ ᠳ᠋ᠤ ᠲᠡᠭᠡᠳᠦ ᠰᠤᠷᠭᠠᠭᠤᠯᠢ ᠶᠢᠨ ᠨᠣᠮ ᠤᠨ ᠰᠠᠩ ᠳ᠋ᠤ ᠲᠤᠰᠬᠠᠢ ᠮᠡᠷᠭᠡᠵᠢᠯ ᠤᠨ ᠂ ᠡᠷᠳᠡᠮ ᠰᠢᠨᠵᠢᠯᠡᠭᠡᠨ ᠤ᠂ ᠰᠤᠷᠭᠠᠮ ᠬᠦᠮᠦᠵᠢᠯ ᠤᠨ ᠴᠢᠨᠠᠷᠲᠠᠢ ᠴᠢᠬᠤᠯ ᠪᠦᠬᠦᠢ ᠨᠣᠮ ᠬᠠᠳᠠᠭᠠᠯᠠᠬᠤ ᠰᠢᠰᠲ᠋ᠸᠮ ᠢ ᠪᠠᠢᠭᠤᠯᠬᠤ ᠲᠣᠬᠠᠢ ᠲᠤᠷᠠᠳᠤᠭᠰᠠᠨ ᠢᠢᠡᠷ ᠪᠠᠷᠠᠬᠤ ᠦᠭᠡᠢ᠂ ᠲᠤᠬᠠᠢᠯᠠᠭᠰᠠᠨ ᠠᠵᠢᠯ ᠤᠨ ᠬᠤᠪᠢ ᠳ᠋ᠤ ᠨᠣᠮ ᠤᠨ ᠰᠠᠩ ᠤᠨ ᠦᠢᠯᠡᠴᠢᠯᠡᠭᠡᠨ ᠤ ᠠᠵᠢᠯ ᠢ ᠭᠡᠷᠬᠢᠨ ᠬᠢᠬᠦ ᠲᠣᠬᠠᠢ ᠪᠣᠳᠠᠳᠤ ᠠᠷᠭ᠎ᠠ ᠵᠠᠮ ᠢ ᠴᠦ ᠲᠤᠷᠠᠳᠤᠭᠰᠠᠨ ᠪᠠᠢᠨ᠎ᠠ᠃ |