题名 |
《ᠮᠣᠩᠭᠤᠯ ᠬᠡᠯᠡᠨ ᠦ ᠬᠡᠯᠡᠴᠡ ᠶᠢᠨ ᠮᠡᠳᠡᠯᠭᠡ ᠶᠢᠨ ᠬᠦᠮᠦᠷᠭᠡ》 ᠶᠢᠨ ᠣᠨᠴᠠᠯᠢᠭ ᠤᠨ ᠲᠠᠰᠤᠯᠪᠤᠷᠢ ᠬᠢᠭᠡᠳ ᠲᠡᠭᠦᠨ ᠦ ᠬᠡᠷᠡᠭᠯᠡᠭᠡᠨ ᠦ ᠰᠢᠨᠵᠢ ᠶᠢᠨ ᠲᠤᠬᠠᠢ |
作者 |
ᠬᠠᠢ ᠶᠢᠨ ᠬᠤᠸᠠ |
关键词 |
ᠮᠣᠩᠭᠤᠯ ᠬᠡᠯᠡ; ᠬᠡᠯᠡᠴᠡ; ᠮᠡᠳᠡᠯᠭᠡ ᠶᠢᠨ ᠬᠦᠮᠦᠷᠭᠡ; ᠣᠨᠴᠠᠯᠢᠭ ᠤᠨ ᠲᠠᠰᠤᠯᠪᠤᠷᠢ; ᠬᠡᠷᠡᠭᠯᠡᠭᠡ |
摘要 |
ᠮᠣᠩᠭᠤᠯ ᠬᠡᠯᠡ ᠪᠢᠴᠢᠭ ᠦᠨ ᠰᠤᠷᠠᠭ ᠵᠠᠩᠭᠢ ᠰᠢᠢᠳᠪᠦᠷᠢᠯᠡᠯᠲᠡ ᠶᠢᠨ ᠬᠤᠪᠢ ᠳᠤ ᠠᠪᠴᠤ ᠬᠡᠯᠡᠪᠡᠯ᠂ ᠬᠡᠯᠡᠴᠡ ᠨᠢ ᠮᠣᠩᠭᠤᠯ ᠬᠡᠯᠡᠨ ᠦ ᠣᠯᠠᠨ ᠳᠡᠰ ᠳᠠᠪᠬᠤᠷᠭᠠᠲᠤ᠂ ᠪᠤᠳᠤᠯᠢᠶᠠᠨᠲᠤ ᠰᠢᠰᠲ᠋ᠧᠮ ᠦᠨ ᠣᠨᠴᠠᠭᠠᠢ ᠨᠢᠭᠡ ᠨᠢᠭᠡᠴᠢ ᠪᠤᠯᠤᠨ᠎ᠠ᠂ ᠲᠡᠷᠡ ᠨᠢ ᠦᠭᠡ ᠰᠢᠢᠳᠪᠦᠷᠢᠯᠡᠯᠲᠡ ᠪᠡ ᠦᠭᠦᠯᠡᠪᠦᠷᠢ ᠰᠢᠢᠳᠪᠦᠷᠢᠯᠡᠯᠲᠡ ᠶᠢ ᠬᠦᠨᠳᠡᠯᠢᠰᠴᠦ ᠪᠠᠢᠳᠠᠭ ᠠᠴᠠ ᠲᠡᠭᠦᠨ ᠦ ᠲᠤᠬᠠᠢ ᠰᠤᠳᠤᠯᠭᠠᠨ ᠶᠡᠷᠦ ᠨᠢ ᠭᠦᠨᠵᠡᠭᠡᠶᠢᠷᠡᠵᠦ ᠴᠢᠳᠠᠭ᠎ᠠ ᠦᠭᠡᠢ ᠪᠠᠢᠨ᠎ᠠ᠃ ᠨᠡᠢᠭᠡᠮ ᠦᠨ ᠰᠤᠷᠠᠭ ᠵᠠᠩᠭᠢᠵᠢᠬᠤ ᠶᠢ ᠳᠠᠭᠠᠯᠳᠤᠨ᠂ 《ᠮᠣᠩᠭᠤᠯ ᠬᠡᠯᠡᠨ ᠦ ᠬᠡᠯᠡᠴᠡ ᠶᠢᠨ ᠮᠡᠳᠡᠯᠭᠡ ᠶᠢᠨ ᠬᠦᠮᠦᠷᠭᠡ》 ᠶᠢ ᠴᠤᠭᠴᠠᠯᠠᠬᠤ ᠨᠢ ᠮᠣᠩᠭᠤᠯ ᠬᠡᠯᠡᠴᠡ ᠶᠢ ᠴᠤᠭᠯᠠᠭᠤᠯᠵᠤ ᠬᠠᠳᠠᠭᠠᠯᠠᠬᠤ ᠪᠠ ᠰᠤᠳᠤᠯᠵᠤ ᠠᠰᠢᠭᠯᠠᠬᠤ ᠬᠠᠮᠤᠭ ᠤᠨ ᠰᠢᠨ᠎ᠡ᠂ ᠬᠠᠮᠤᠭ ᠤᠨ ᠪᠦᠲᠦᠮᠵᠢᠲᠡᠢ ᠠᠷᠭ ᠠ ᠪᠤᠯᠤᠭᠰᠠᠨ ᠪᠦᠭᠡᠳ ᠲᠡᠷᠡ ᠨᠢ ᠬᠡᠯᠡ ᠪᠢᠴᠢᠭ ᠦᠨ ᠰᠤᠷᠠᠭ ᠵᠠᠩᠭᠢ ᠰᠢᠢᠳᠪᠦᠷᠢᠯᠡᠯᠲᠡ ᠶᠢᠨ ᠣᠯᠠᠨ ᠲᠠᠯ᠎ᠠ ᠶᠢᠨ ᠬᠡᠷᠡᠭᠯᠡᠭᠡᠨ ᠳᠦ ᠰᠠᠭᠤᠷᠢ ᠡᠬᠢ ᠪᠠᠶᠠᠯᠢᠭ ᠬᠠᠩᠭᠠᠵᠤ ᠪᠠᠢᠳᠠᠭ ᠤᠴᠢᠷ ᠬᠡᠯᠡ ᠪᠢᠴᠢᠭ ᠦᠨ ᠵᠢᠭᠠᠨ ᠰᠤᠷᠭᠠᠯᠲᠠ ᠳᠤ ᠮᠠᠰᠢ ᠴᠢᠬᠤᠯᠠ ᠦᠨ᠎ᠡ ᠦᠷᠲᠡᠭ ᠲᠡᠢ ᠶᠤᠮ᠃ ᠦᠭᠦᠯᠡᠯ ᠳᠦ ᠲᠤᠰ ᠮᠡᠳᠡᠯᠭᠡ ᠶᠢᠨ ᠬᠦᠮᠦᠷᠭᠡ ᠶᠢ ᠴᠤᠭᠴᠠᠯᠠᠬᠤ ᠳᠤ ᠲᠤᠭᠲᠠᠭᠠᠭᠰᠠᠨ ᠣᠨᠴᠠᠯᠢᠭ ᠤᠨ ᠲᠠᠰᠤᠯᠪᠤᠷᠢ ᠬᠢᠭᠡᠳ ᠲᠡᠳᠡᠭᠡᠷ ᠦᠨ ᠲᠤᠰ ᠪᠦᠷᠢ ᠶᠢᠨ ᠦᠨᠳᠦᠰᠦᠯᠡᠯ ᠪᠠᠷᠢᠮᠲᠠ ᠶᠢ ᠲᠤᠭᠠᠴᠢᠨ ᠲᠠᠨᠢᠯᠴᠠᠭᠤᠯᠵᠤ᠂ ᠲᠡᠭᠦᠨ ᠦ ᠬᠤᠵᠢᠮ ᠢᠷᠡᠭᠡᠳᠦᠢ ᠳᠦ ᠦᠵᠡᠭᠦᠯᠬᠦ ᠬᠡᠷᠡᠭᠯᠡᠭᠡᠨ ᠦ ᠦᠨ᠎ᠡ ᠦᠷᠲᠡᠭ ᠢ ᠳᠦᠭᠦᠮ ᠵᠠᠳᠠᠯᠤᠨ ᠦᠭᠦᠯᠡᠪᠡ᠃ |
原文 |
没有原文
|
出自 |
内蒙古大学学报
2014年
第6期
|