题名 |
ᠲᠧᠯᠧᠢᠰ ᠴᠢᠮᠡᠭᠯᠡᠯ ᠦᠨ ᠰᠤᠶᠤᠯ ᠤᠨ ᠡᠯᠧᠮᠧᠨ᠋ᠲ ᠦᠨ ᠠᠴᠢ ᠬᠤᠯᠪᠤᠭᠳᠠᠯ — ᠮᠣᠩᠭᠤᠯ ᠤᠳᠤᠨ ᠲᠧᠯᠧᠢᠰ ᠦᠨ 《ᠬᠦᠬᠡ ᠮᠣᠩᠭᠤᠯ ᠨᠤᠲᠤᠭ》 ᠳᠡᠯᠬᠡᠴᠡ ᠶᠢᠨ ᠴᠢᠮᠡᠭᠯᠡᠯ ᠢᠶᠡᠷ ᠵᠢᠱᠢᠶᠡᠯᠡᠬᠦ ᠨᠢ |
作者 |
ᠤᠯᠠᠭᠠᠨ |
关键词 |
ᠮᠣᠩᠭᠤᠯ ᠣᠳᠤᠨ ᠲᠧᠯᠧᠢᠰ; ᠲᠧᠯᠧᠢᠰ ᠴᠢᠮᠡᠭᠯᠡᠯ; ᠮᠣᠩᠭᠤᠯ ᠰᠤᠶᠤᠯ; ᠬᠦᠬᠡ ᠮᠣᠩᠭᠤᠯ ᠨᠤᠲᠤᠭ |
摘要 |
ᠲᠧᠯᠧᠢᠰ ᠴᠢᠮᠡᠭᠯᠡᠯ ᠪᠤᠯ ᠲᠧᠯᠧᠢᠰ ᠵᠠᠭᠤᠴᠢᠯᠠᠭᠤᠷ ᠤᠨ ᠬᠦᠭᠵᠢᠯᠲᠡ ᠶᠢᠨ ᠴᠢᠬᠤᠯᠠ ᠨᠢᠭᠡ ᠪᠦᠷᠢᠯᠳᠦᠭᠦᠨ ᠪᠤᠯᠬᠤ ᠶᠤᠮ᠃ ᠲᠧᠯᠧᠢᠰ ᠴᠢᠮᠡᠭᠯᠡᠯ ᠨᠢ ᠬᠦᠮᠦᠰ ᠲᠦ ᠭᠤᠤ᠎ᠠ ᠲᠠᠭᠠᠰᠢᠶᠠᠯ ᠤᠨ ᠬᠦᠷᠲᠡᠭᠡᠮᠵᠢ ᠣᠯᠭᠤᠬᠤ ᠪᠠᠷ ᠪᠠᠷᠠᠬᠤ ᠦᠭᠡᠢ᠂ ᠳᠤᠷ᠎ᠠ ᠰᠤᠨᠢᠷᠬᠠᠯ ᠢ ᠨᠦᠯᠦᠭᠡᠯᠡᠨ ᠬᠦᠮᠦᠰ ᠦᠨ ᠭᠤᠤ᠎ᠠ ᠲᠠᠭᠠᠰᠢᠶᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠦᠴᠦᠰᠦ ᠪᠤᠯᠳᠠᠭ᠃ 2004 ᠣᠨ ᠤ 5 ᠰᠠᠷ᠎ᠠ ᠶᠢᠨ 1 ᠤ ᠡᠳᠦᠷ ᠡᠴᠡ ᠦᠪᠦᠷ ᠮᠣᠩᠭᠤᠯ ᠲᠧᠯᠧᠢᠰ 《ᠬᠦᠬᠡ ᠮᠣᠩᠭᠤᠯ ᠨᠤᠲᠤᠭ》 ᠢ ᠨᠡᠪᠲᠡᠷᠡᠭᠦᠯᠦᠭᠰᠡᠨ ᠪᠠᠢᠨ᠎ᠠ᠃ ᠲᠤᠰ ᠳᠡᠯᠭᠡᠴᠢ ᠨᠢ ᠭᠤᠤᠯᠳᠠᠭᠤ ᠲᠠᠯ᠎ᠠ ᠨᠤᠲᠤᠭ ᠤᠨ ᠰᠤᠶᠤᠯ ᠤᠨ ᠠᠭᠤᠯᠭ᠎ᠠ ᠪᠠᠷ ᠭᠤᠤᠯ ᠴᠦᠮ ᠡ ᠪᠤᠯᠭᠠᠵᠤ᠂ ᠳᠤᠮᠳᠠᠳᠤ ᠤᠯᠤᠰ ᠤᠨ ᠤᠮᠠᠷᠠᠲᠤ ᠣᠷᠤᠨ ᠳᠠᠬᠢ ᠦᠨᠳᠦᠰᠦᠲᠡᠨ ᠨᠦᠬᠦᠳ ᠦᠨ ᠬᠦᠮᠦᠨ ᠨᠡᠢᠭᠡᠮ ᠦᠨ ᠬᠡᠪ ᠵᠠᠩᠰᠢᠯ ᠪᠠ ᠵᠠᠩ ᠦᠢᠯᠡ᠂ ᠪᠠᠢᠭᠠᠯᠢ ᠶᠢᠨ ᠦᠨᠭᠡ ᠦᠵᠡᠮᠵᠢ᠂ ᠰᠤᠶᠤᠯ ᠪᠤᠯᠪᠠᠰᠤᠨ ᠤ ᠤᠯᠠ ᠮᠦᠷ ᠪᠤᠯᠤᠨ ᠦᠨᠳᠦᠰᠦᠲᠡᠨ ᠦ ᠬᠦᠭᠵᠢᠯᠲᠡ ᠬᠤᠪᠢᠷᠠᠯᠲᠠ ᠶᠢ ᠦᠷᠭᠡᠨ ᠭᠦᠨᠵᠡᠭᠡᠢ ᠪᠡᠷ ᠢᠯᠡᠷᠡᠭᠦᠯᠬᠦ ᠪᠡᠷ ᠵᠤᠷᠢᠯᠭ᠎ᠠ ᠪᠠᠨ ᠪᠤᠯᠭᠠᠭᠰᠠᠨ ᠪᠠᠢᠨ᠎ᠠ᠃ ᠲᠡᠭᠦᠨ ᠦ ᠴᠢᠮᠡᠭᠯᠡᠯ ᠨᠢ ᠮᠣᠩᠭᠤᠯ ᠰᠤᠶᠤᠯ ᠤᠨ ᠡᠯᠧᠮᠧᠨ᠋ᠲ ᠢ ᠬᠡᠷᠡᠭᠯᠡᠵᠦ᠂ ᠬᠦᠮᠦᠨᠯᠢᠭ ᠰᠤᠶᠤᠯ ᠢ ᠭᠦᠢᠴᠡᠳ ᠰᠠᠢᠬᠠᠨ ᠢᠯᠡᠷᠡᠭᠦᠯᠦᠨ᠂ ᠮᠣᠩᠭᠤᠯ ᠰᠤᠶᠤᠯ ᠢ ᠭᠠᠳᠠᠭᠰᠢ ᠤᠬᠠᠭᠤᠯᠬᠤ ᠳᠤ ᠵᠤᠬᠢᠬᠤ ᠬᠤᠪᠢ ᠨᠡᠮᠡᠷᠢ ᠦᠵᠡᠭᠦᠯᠦᠭᠰᠡᠨ ᠪᠠᠢᠨ᠎ᠠ᠃ |
原文 |
查看原文
|
出自 |
中国蒙古学
2016年
第2期
|