摘要 |
ᠮᠣᠩ᠋ᠭᠤᠯ ᠦᠨᠳᠦᠰᠦᠲᠡᠨ ᠨᠡᠭᠦᠳᠡᠯ ᠦᠨ ᠮᠠᠯ ᠠᠵᠤ ᠠᠬᠤᠢ ᠪᠠᠷ ᠠᠮᠢᠳᠤᠷᠠᠯ ᠤᠨ ᠬᠡᠯᠪᠡᠷᠢ ᠪᠤᠯᠭᠠᠭᠰᠠᠨ ᠠᠴᠠ ᠬᠤᠢ᠌ᠰᠢ᠂ ᠴᠠᠭᠠᠨ ᠢᠳᠡᠭᠡᠨ ᠦ ᠠᠰᠢᠭᠯᠠᠯᠲᠠ ᠶᠢᠨ ᠭᠢᠯᠠᠯᠵᠠᠭᠰᠠᠨ ᠰᠤᠶᠤᠯ ᠢ ᠪᠦᠲᠦᠭᠡᠵᠦ᠂ ᠬᠦᠮᠦᠨ ᠲᠦᠷᠦᠯᠬᠢᠲᠡᠨ ᠦ ᠰᠤᠶᠤᠯ ᠤᠨ ᠰᠠᠩ ᠳᠤ ᠬᠤᠪᠢ ᠨᠡᠮᠡᠷᠢ ᠣᠷᠤᠭᠤᠯᠤᠭᠰᠠᠨ ᠶᠠᠪᠤᠳᠠᠯ ᠢ ᠮᠣᠩ᠋ᠭᠤᠯ ᠦᠨᠳᠰᠦᠲᠡᠨ ᠡᠴᠡ ᠳᠯᠡᠬᠡᠢ ᠶᠢᠨ ᠲᠡᠦᠬᠡᠨ ᠳᠦ ᠦᠵᠡᠭᠦᠯᠦᠭᠰᠡᠨ ᠬᠦᠮᠦᠨ ᠲᠦᠷᠦᠯᠬᠢᠲᠡᠨ ᠦ ᠳᠠᠪᠰᠢᠯᠲᠠ ᠶᠢᠨ ᠨᠢᠭᠡᠨ ᠠᠭᠤᠤ ᠶᠡᠬᠡ ᠠᠯᠬᠤᠮ ᠭᠡᠵᠦ ᠦᠵᠡᠬᠦ ᠶᠤᠰᠤᠲᠠᠢ᠃ ᠨᠢᠭᠡ ᠦᠨᠳᠦᠰᠦᠲᠡᠨ ᠭᠤᠤᠯ ᠡᠷᠬᠢᠯᠡᠭᠰᠡᠨ ᠠᠵᠤ ᠠᠬᠤᠢ ᠶᠢᠨ ᠢᠶᠠᠨ ᠠᠰᠢᠭ ᠰᠢᠮ᠎ᠡ ᠶᠢ ᠬᠡᠷᠬᠢᠨ ᠪᠤᠯᠪᠠᠰᠤᠷᠠᠭᠤᠯᠵᠤ᠂ ᠢᠳᠡᠬᠦ᠂ ᠡᠮᠦᠰᠬᠦ᠂ ᠰᠠᠭᠤᠬᠤ᠂ ᠶᠠᠪᠤᠬᠤ ᠵᠡᠷᠭᠡ ᠠᠮᠢᠳᠤᠷᠠᠯ ᠳᠠᠭᠠᠨ ᠶᠠᠭᠠᠬᠢᠵᠤ ᠠᠰᠢᠭᠯᠠᠬᠤ ᠨᠢ ᠲᠡᠷᠡ ᠦᠨᠳᠦᠰᠦᠲᠡᠨ ᠦ ᠠᠵᠤ ᠠᠬᠤᠢ᠂ ᠰᠤᠶᠤᠯ ᠪᠤᠯᠪᠠᠰᠤᠷᠠᠯ᠂ ᠰᠢᠨᠵᠢᠯᠡᠬᠦ ᠤᠬᠠᠭᠠᠨ᠂ ᠶᠤᠰᠤ ᠮᠤᠷᠠᠯ᠂ ᠵᠠᠩ ᠳᠠᠳᠬᠠᠯ ᠤᠨ ᠳᠠᠪᠰᠢᠯᠲᠠ ᠶᠢ ᠬᠠᠷᠠᠭᠤᠯᠳᠠᠭ ᠪᠦᠭᠡᠳ ᠬᠦᠭ᠍ᠵᠢᠯ ᠪᠠᠳᠠᠷᠠᠯ ᠤᠨ ᠲᠦᠪᠰᠢᠨ ᠢ ᠬᠡᠮᠵᠢᠬᠦ ᠴᠢᠬᠤᠯᠠ ᠬᠡᠮᠵᠢᠭᠦᠷ ᠪᠤᠯᠳᠠᠭ ᠶᠤᠮ᠃ ᠮᠣᠩ᠋ᠭᠤᠯ ᠤᠨ ᠴᠠᠭᠠᠨ ᠢᠳᠡᠭᠡᠨ ᠨᠢ ᠳᠡᠯᠡᠬᠡᠢ ᠶᠢᠨ ᠬᠦᠭ᠍ᠵᠢᠭᠰᠡᠨ ᠤᠯᠤᠰ ᠤᠨ ᠢᠳᠡᠭᠡᠨ ᠤᠮᠳᠠᠭᠠᠨ ᠳᠤᠲᠤᠷ᠎ᠠ ᠡᠳᠦᠷ ᠢᠷᠡᠬᠦ ᠳᠤᠲᠤᠮ ᠲᠦᠭᠡᠮᠡᠯᠵᠢᠨ ᠲᠤᠭᠲᠠᠪᠤᠷᠢᠵᠢᠭᠠᠳ᠂ ᠮᠣᠩ᠋ᠭᠤᠯ ᠦᠨᠳᠦᠰᠦᠲᠡᠨ ᠦ ᠬᠦᠭ᠍ᠵᠢᠯ ᠪᠠᠳᠠᠷᠠᠯ ᠢ ᠬᠠᠷᠠᠭᠤᠯᠤᠭᠰᠠᠨ ᠴᠠᠭᠠᠨ ᠢᠳᠡᠭᠡᠨ ᠦ ᠰᠤᠶᠤᠯ ᠨᠢ ᠦᠪᠡᠷᠮᠢᠴᠡ ᠣᠨᠴᠠᠯᠢᠭ ᠲᠠᠢ ᠪᠤᠯᠪᠠᠰᠤᠨ ᠰᠤᠶᠤᠯ ᠪᠤᠯᠤᠨ ᠬᠦᠭ᠍ᠵᠢᠵᠦ᠂ ᠰᠤᠶᠤᠯᠵᠢᠨ ᠮᠠᠨᠳᠤᠬᠤ ᠶᠢᠨ ᠪᠠᠷᠢᠯᠳᠤᠯᠭ᠎ᠠ ᠪᠦᠷᠢᠯᠳᠦᠭᠰᠡᠨ ᠡᠨᠡ ᠡᠳᠷ᠂ ᠳᠡᠯᠡᠬᠡᠢ ᠶᠢᠨ ᠮᠣᠩ᠋ᠭᠤᠯᠴᠢ ᠡᠷᠳᠡᠮᠲᠡᠳ ᠴᠠᠭᠠᠨ ᠢᠳᠡᠭᠡᠨ ᠦ ᠰᠤᠶᠤᠯ ᠲᠠᠢ ᠲᠠᠨᠢᠯᠴᠠᠵᠤ᠂ ᠤᠯᠠᠮ ᠴᠢᠨᠠᠭᠰᠢᠲᠠ ᠰᠤᠳᠤᠯᠬᠤ ᠰᠤᠨᠢᠷᠬᠠᠯ ᠲᠠᠢ ᠠᠰᠠᠭᠤᠳᠠᠯ ᠪᠤᠯᠵᠤ ᠪᠠᠢ᠌ᠨ᠎ᠠ᠃ ᠴᠠᠭᠠᠨ ᠢᠳᠡᠭᠡᠨ ᠨᠢ ᠬᠦᠮᠦᠨ ᠲᠦᠷᠦᠯᠬᠢᠲᠡᠨ ᠦ ᠲᠡᠦᠬᠡᠨ ᠳᠦ ᠬᠤᠯᠪᠤᠭᠳᠠᠬᠤ ᠠᠴᠢ ᠬᠤᠯᠪᠤᠭᠳᠠᠯ᠂ ᠴᠠᠭᠠᠨ ᠢᠳᠡᠭᠡ ᠬᠦᠮᠦᠨ ᠦ ᠪᠡᠶ᠎ᠡ ᠮᠠᠬᠠᠪᠤᠳ ᠲᠤ ᠬᠤᠯᠪᠤᠭᠳᠠᠬᠤ ᠠᠴᠢ ᠬᠤᠯᠪᠤᠭᠳᠠᠯ᠂ ᠴᠠᠭᠠᠨ ᠢᠳᠡᠭᠡ ᠶᠤᠰᠤ ᠮᠤᠷᠠᠯ᠂ ᠵᠠᠩ ᠳᠠᠳᠬᠠᠯ ᠳᠤ ᠬᠤᠯᠪᠤᠭᠳᠠᠬᠤ ᠠᠴᠢ ᠬᠤᠯᠪᠤᠭᠳᠠᠯ ᠵᠡᠷᠭᠡ ᠭᠤᠷᠪᠠᠨ ᠰᠡᠳᠦᠪ ᠢᠶᠡᠷ ᠴᠠᠭᠠᠨ ᠢᠳᠡᠭᠡᠨ ᠦ ᠰᠤᠶᠤᠯ ᠢ ᠳᠡᠯᠡᠬᠡᠢ ᠶᠢᠨ ᠮᠣᠩ᠋ᠭᠤᠯᠴᠢ ᠡᠷᠳᠡᠮᠲᠡᠳ ᠲᠦ ᠠᠩ᠋ᠬᠠᠷᠤᠭᠤᠯᠪᠠ᠃ |