题名 |
ᠰᠢᠨ᠎ᠡ ᠡᠷᠢᠨ ᠳᠡᠬᠢ ᠦᠨᠳᠦᠰᠦᠲᠡᠨ ᠦ ᠰᠤᠷᠭᠠᠨ ᠬᠦᠮᠦᠵᠢᠯ ᠦᠨ ᠲᠤᠬᠠᠢ ᠪᠤᠳᠤᠯᠬᠢᠯᠠᠯ |
作者 |
ᠪᠤ᠂ ᠭᠤᠤ᠎ᠠ |
关键词 |
ᠦᠨᠳᠦᠰᠦᠲᠡᠨ ᠦ ᠰᠤᠷᠭᠠᠨ ᠬᠦᠮᠦᠵᠢᠯ; ᠦᠨᠳᠦᠰᠦᠲᠡᠨ ᠦ ᠠᠵᠤ ᠠᠬᠤᠢ; ᠰᠢᠨ᠎ᠡ ᠬᠡᠯᠪᠡᠷᠢ ᠶᠢᠨ ᠴᠢᠳᠠᠪᠤᠷᠢᠲᠠᠨ |
摘要 |
ᠦᠨᠳᠦᠰᠦᠲᠡᠨ ᠦ ᠰᠤᠷᠭᠠᠨ ᠬᠦᠮᠦᠵᠢᠯ ᠪᠤᠯ ᠪᠦᠬᠦᠯᠢ ᠴᠤᠭᠴᠠᠲᠤ ᠰᠤᠷᠭᠠᠨ ᠬᠦᠮᠦᠵᠢᠯ ᠦᠨ ᠰᠢᠰᠲ᠋ᠧᠮ ᠦᠨ ᠳᠤᠮᠳᠠ ᠴᠢᠬᠤᠯᠠ ᠪᠠᠢ᠌ᠷᠢ ᠡᠵᠡᠯᠬᠦ ᠪᠡᠷ ᠦᠯᠦ ᠪᠠᠷᠠᠮ ᠦᠨᠳᠦᠰᠦᠲᠡᠨ ᠦ ᠭᠠᠵᠠᠷ ᠣᠷᠤᠨ ᠤ ᠠᠵᠤ ᠠᠬᠤᠢ ᠶᠢᠨ ᠬᠦᠭ᠍ᠵᠢᠯᠲᠡ᠂ ᠨᠡᠢ᠌ᠭᠡᠮ ᠦᠨ ᠤᠷᠤᠭᠰᠢᠯᠠᠯᠲᠠ᠂ ᠦᠨᠳᠦᠰᠦᠲᠡᠨ ᠦ ᠳᠠᠪᠰᠢᠯᠲᠠ ᠳᠤ ᠯᠤᠳᠤ ᠶᠡᠬᠡ ᠲᠦᠯᠬᠢᠴᠡ ᠬᠦᠴᠦᠨ ᠪᠡ ᠠᠬᠢᠭᠤᠯᠬᠤ ᠦᠢᠯᠡᠳᠦᠯ ᠲᠡᠢ ᠶᠤᠮ᠃ ᠬᠦᠮᠦᠨ ᠲᠦᠷᠦᠯᠬᠢᠲᠡᠨ ᠦ ᠨᠡᠢ᠌ᠭᠡᠮ 21᠋ ᠳᠤᠭᠠᠷ ᠵᠠᠭᠤᠨ ᠤ ᠰᠢᠨ᠎ᠡ ᠡᠷᠢᠨ ᠳᠦ ᠳᠠᠪᠰᠢᠨ ᠣᠷᠤᠬᠤ ᠪᠠ ᠮᠠᠨ ᠤ ᠤᠯᠤᠰ ᠳᠡᠯᠡᠬᠡᠢ ᠶᠢᠨ ᠠᠷᠠᠯᠵᠢᠶᠠᠨ ᠤ ᠵᠤᠬᠢᠶᠠᠨ ᠪᠠᠢ᠌ᠭᠤᠯᠤᠯᠲᠠ ᠳᠤ ᠣᠷᠤᠯᠴᠠᠬᠤ ᠶᠢ ᠳᠠᠭᠠᠯᠳᠤᠨ᠂ ᠦᠨᠳᠦᠰᠦᠲᠡᠨ ᠦ ᠰᠤᠷᠭᠠᠨ ᠬᠦᠮᠦᠵᠢᠯ ᠳᠦ ᠰᠢᠨ᠎ᠡ ᠠᠰᠠᠭᠤᠳᠠᠯ ᠲᠤᠯᠭᠠᠷᠠᠵᠤ᠂ ᠴᠠᠭ ᠦᠶ᠎ᠡ ᠶᠢᠨ ᠱᠠᠭᠠᠷᠳᠠᠯᠭ᠎ᠠ ᠳᠤ ᠨᠡᠢ᠌ᠴᠡᠭᠰᠡᠨ᠂ ᠰᠢᠨ᠎ᠡ ᠮᠠᠶᠢᠭ᠋ ᠤᠨ ᠰᠤᠷᠭᠠᠨ ᠬᠦᠮᠦᠵᠢᠯ ᠦᠨ ᠲᠤᠭᠲᠠᠴᠠ ᠶᠢ ᠪᠠᠢ᠌ᠭᠤᠯᠬᠤ ᠴᠢᠬᠤᠯᠠᠲᠠᠢ ᠪᠤᠯᠵᠠᠢ᠃ |
原文 |
查看原文
|
出自 |
内蒙古社会科学(蒙文版)
2004年
第4期
|