论文信息


题名 ᠴᠢᠩ ᠤᠯᠤᠰ ᠤᠨ ᠦᠶ᠎ᠡ ᠶᠢᠨ ᠬᠠᠩᠭᠢᠨ ᠵᠠᠰᠠᠭ ᠬᠤᠰᠢᠭᠤᠨ ᠤ ᠬᠦᠮᠦᠨ ᠠᠮᠠ ᠶᠢᠨ ᠲᠤᠬᠠᠢ
作者 ᠢᠳᠡᠷᠬᠡᠭ
关键词 《ᠪᠢᠳᠡᠭᠦᠮᠵᠢᠯᠡᠨ ᠴᠠᠭᠠᠵᠢᠯᠠᠬᠤ》; ᠬᠠᠩᠭᠢᠨ ᠬᠤᠰᠢᠭᠤ; ᠬᠦᠮᠦᠨ ᠠᠮᠠ
摘要 ᠴᠢᠩ ᠤᠯᠤᠰ ᠤᠨ ᠵᠠᠰᠠᠭ ᠤᠨ ᠭᠠᠵᠠᠷ ᠮᠣᠩᠭᠤᠯ ᠣᠷᠤᠨ ᠳᠤ ᠴᠡᠷᠢᠭ ᠦᠨ ᠪᠠᠢᠭᠤᠯᠤᠯ ᠤᠨ ᠬᠤᠰᠢᠭᠤ ᠵᠠᠰᠠᠭ ᠪᠠᠢᠭᠤᠯᠤᠨ᠂ 《ᠪᠢᠲᠡᠭᠦᠮᠵᠢᠯᠡᠨ ᠴᠠᠭᠠᠵᠢᠯᠠᠬᠤ》 ᠪᠠ 《ᠵᠠᠩ ᠳᠠᠳᠬᠠᠯ ᠢᠶᠠᠷ ᠨᠢ ᠵᠠᠰᠠᠬᠤ》 ᠵᠡᠷᠭᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠦ ᠳᠠᠷᠠᠭ᠎ᠠ᠂ ᠮᠣᠩᠭᠤᠯᠴᠤᠳ ᠤᠨ ᠤᠯᠠᠮᠵᠢᠯᠠᠯᠲᠤ ᠨᠡᠢᠭᠡᠮ ᠦᠨ ᠪᠦᠲᠦᠴᠡ᠂ ᠠᠵᠤ ᠠᠬᠤᠢ ᠶᠢᠨ ᠠᠮᠢᠳᠤᠷᠠᠯ ᠪᠠ ᠱᠠᠰᠢᠨ ᠰᠤᠷᠲᠠᠬᠤᠨ ᠵᠡᠷᠭᠡ ᠲᠠᠯ᠎ᠠ ᠳᠤ ᠴᠦᠮ ᠲᠤᠢᠯ ᠤᠨ ᠶᠡᠬᠡ ᠨᠦᠯᠦᠭᠡ ᠳᠤᠰᠬᠠᠯ ᠭᠠᠷᠭᠠᠭᠰᠠᠨ ᠪᠠᠢᠨ᠎ᠠ᠃ ᠮᠦᠨ ᠬᠦ ᠡᠳᠡᠭᠡᠷ ᠨᠦᠯᠦᠭᠡ ᠦᠢᠯᠡᠳᠦᠯ ᠡᠴᠡ ᠪᠤᠯᠵᠤ᠂ ᠮᠣᠩᠭᠤᠯᠴᠤᠳ ᠤᠨ ᠡᠳᠦᠷ ᠳᠤᠲᠤᠮ ᠤᠨ ᠠᠮᠢᠳᠤᠷᠠᠯ ᠳᠤ ᠣᠯᠠᠨ ᠠᠷᠪᠢᠨ ᠬᠤᠪᠢᠷᠠᠯᠲᠠ ᠶᠢ ᠠᠪᠴᠢᠷᠠᠭᠰᠠᠨ ᠪᠠᠢᠨ᠎ᠠ᠃ ᠣᠨᠴᠠᠭᠠᠢᠯᠠᠨ ᠱᠠᠰᠢᠨ ᠰᠤᠷᠲᠠᠨ ᠤ ᠲᠦᠷᠦ ᠶᠢᠨ ᠪᠤᠳᠤᠯᠭ᠎ᠠ ᠪᠤᠯᠤᠨ ᠴᠡᠷᠢᠭ ᠵᠠᠰᠠᠭ ᠤᠨ ᠬᠠᠮᠢᠶᠠᠷᠤᠯᠲᠠ ᠳᠦᠷᠢᠮ ᠦᠨ ᠬᠡᠷᠡᠭᠵᠢᠭᠦᠯᠦᠯ ᠡᠴᠡ ᠪᠤᠯᠤᠭᠰᠠᠨ ᠤᠷᠤᠭ ᠭᠡᠷ ᠪᠦᠯᠢ ᠵᠢᠴᠢ ᠬᠦᠮᠦᠨ ᠠᠮᠠ ᠶᠢᠨ ᠦᠰᠦᠯᠲᠡ ᠵᠡᠷᠭᠡ ᠳᠦ ᠭᠠᠷᠭᠠᠭᠰᠠᠨ ᠬᠤᠪᠢᠷᠠᠯᠲᠠ ᠨᠢ ᠨᠡᠩ ᠭᠦᠨ ᠭᠦᠨᠵᠡᠭᠡᠢ ᠪᠠᠢᠳᠠᠭ᠃ ᠴᠢᠩ ᠤᠯᠤᠰ ᠤᠨ ᠦᠶ᠎ᠡ ᠶᠢᠨ ᠬᠠᠩᠭᠢᠨ ᠬᠤᠰᠢᠭᠤᠨ ᠤ ᠬᠦᠮᠦᠨ ᠠᠮᠠ ᠶᠢᠨ ᠬᠤᠪᠢᠷᠠᠯᠲᠠ ᠬᠤᠷᠤᠭᠳᠠᠨ ᠴᠦᠬᠡᠬᠡᠷᠡᠭᠰᠡᠨ ᠨᠢ ᠤᠴᠢᠷ ᠰᠢᠯᠲᠠᠭᠠᠨ ᠲᠠᠢ᠃
原文 查看原文
出自 中国蒙古学 2016年 第2期

联系我们


内蒙古大学图书馆
呼和浩特市大学西路235号
中国·内蒙古
P: (0471) 4992561
E: huangfeilong@imu.edu.cn