题名 |
ᠮᠣᠩᠭᠤᠯ ᠪᠦᠬᠡᠴᠢᠳ ᠦᠨ ᠪᠠᠷᠢᠯᠳᠤᠭᠠᠨ ᠠᠴᠠ ᠡᠮᠦᠨᠡᠬᠢ ᠰᠠᠨᠳᠤᠷᠬᠤ ᠪᠠ ᠡᠷᠡᠭᠡᠯᠵᠡᠬᠦ ᠰᠡᠳᠬᠢᠴᠡ ᠶᠢᠨ ᠲᠤᠬᠠᠢ |
作者 |
ᠲᠠᠰᠢᠰᠦ᠋ᠷᠦᠩ |
关键词 |
ᠪᠦᠬᠡᠴᠢᠳ; ᠰᠠᠨᠳᠤᠷᠬᠤ; ᠡᠷᠡᠭᠡᠯᠵᠡᠬᠦ; ᠰᠡᠳᠬᠢᠴᠡ ᠵᠦᠢ |
摘要 |
ᠰᠡᠳᠬᠢᠴᠡ ᠶᠢᠨ ᠪᠤᠯᠪᠠᠰᠤᠷᠠᠯ ᠪᠤᠯ ᠣᠳᠣ ᠦᠶ ᠡ ᠶᠢᠨ ᠣᠳᠣᠬᠢᠴᠢᠯᠠᠭᠰᠠᠨ ᠮᠡᠬᠡ ᠮᠡᠷᠭᠡᠵᠢᠯ ᠲᠡᠢ ᠲᠠᠮᠢᠷ ᠤᠨ ᠤᠷᠤᠯᠳᠤᠭᠠᠨ ᠤ ᠳᠤᠮᠳᠠᠬᠢ ᠬᠠᠮᠤᠭ ᠤᠨ ᠴᠢᠬᠤᠯᠠ ᠨᠢᠭᠡ ᠵᠤᠢᠯ ᠤᠨ ᠪᠤᠯᠪᠠᠰᠤᠷᠠᠯ ᠤᠨ ᠭᠤᠭᠴᠤᠭ᠎ᠠ ᠪᠤᠯᠬᠤ ᠶᠤᠮ᠃ ᠲᠡᠷᠡ ᠨᠢ ᠢᠯᠠᠯᠲᠠ ᠣᠯᠬᠤ ᠶᠢᠨ ᠭᠤᠤᠯ ᠠᠷᠭ᠎ᠠ ᠪᠠᠷᠢᠯ ᠪᠤᠯᠬᠤ ᠪᠦᠭᠡᠳ ᠤᠷᠤᠯᠳᠤᠭᠠᠨ ᠳᠤ ᠣᠷᠤᠯᠴᠠᠬᠤ ᠠᠴᠠ ᠡᠮᠦᠨᠡᠬᠢ ᠰᠠᠨᠳᠤᠷᠬᠤ ᠪᠠ ᠡᠷᠡᠭᠡᠯᠵᠡᠬᠦ ᠪᠠᠢᠳᠠᠯ ᠡᠭᠦᠰᠬᠦ ᠶᠢᠨ ᠰᠢᠯᠲᠠᠭᠠᠨ ᠳᠤ ᠵᠠᠳᠠᠯᠤᠯᠲᠠ ᠬᠢᠵᠦ᠂ ᠰᠡᠳᠬᠢᠴᠡ ᠶᠢᠨ ᠵᠦᠢ ᠶᠢᠨ ᠤᠷᠤᠯᠳᠤᠭᠠᠨ ᠠᠴᠠ ᠪᠤᠯᠤᠭᠰᠠᠨ ᠨᠦᠯᠦᠭᠡ ᠶᠢ ᠵᠢᠱᠢᠶ᠎ᠡ ᠲᠠᠲᠠᠨ ᠲᠠᠢᠯᠪᠤᠷᠢᠯᠠᠵᠤ ᠴᠢᠳᠠᠨ᠎ᠠ᠃ ᠠᠮᠢᠰᠬᠤᠭ᠎ᠠ ᠪᠠᠨ ᠲᠤᠬᠢᠷᠠᠭᠤᠯᠬᠤ ᠠᠷᠭ᠎ᠠ ᠪᠤᠯ ᠤᠷᠤᠯᠳᠤᠭᠠᠨ ᠠᠴᠠ ᠡᠮᠦᠨᠡᠬᠢ ᠰᠠᠨᠳᠤᠷᠬᠤ ᠪᠠ ᠡᠷᠡᠭᠡᠯᠵᠡᠬᠦ ᠪᠠᠢᠳᠠᠯ ᠢ ᠲᠡᠰᠪᠦᠷᠢᠯᠡᠬᠦ ᠶᠢᠨ ᠬᠠᠮᠤᠭ ᠤᠨ ᠦᠨᠳᠦᠰᠦᠨ ᠠᠷᠭ᠎ᠠ ᠶᠢᠨ ᠨᠢᠭᠡ ᠨᠢ ᠪᠤᠯᠬᠤ ᠶᠤᠮ᠃ ᠪᠦᠬᠡᠴᠢᠳ ᠡᠴᠡ ᠦᠩᠭᠡᠷᠡᠭᠰᠡᠨ ᠦ ᠢᠯᠠᠯᠲᠠ ᠣᠯᠣᠭᠰᠠᠨ ᠤᠷᠤᠯᠳᠤᠭᠠᠨ ᠤ ᠶᠠᠪᠤᠴᠠ ᠪᠠᠨ ᠡᠷᠭᠢᠴᠡᠭᠦᠯᠦᠨ ᠪᠤᠳᠤᠵᠤ ᠳᠤᠮᠳᠠ ᠠᠴᠠ ᠨᠢ ᠵᠤᠷᠢᠭᠵᠢᠭᠤᠯᠤᠯ ᠣᠯᠵᠤ᠂ ᠬᠦᠴᠦᠨ ᠴᠢᠳᠠᠯ ᠢᠴᠢ ᠵᠤᠷᠢᠭ ᠨᠢ ᠢᠲᠡᠭᠡᠯ ᠳᠦᠭᠦᠷᠡᠩ ᠪᠤᠯᠳᠠᠭ᠃ ᠪᠦᠬᠡᠴᠢᠳ ᠦᠨ ᠬᠦᠰᠡᠯ ᠡᠡᠷᠡᠮᠡᠯᠵᠡᠯ ᠨᠢ ᠬᠡᠲᠦᠷᠬᠡᠢ ᠦᠨᠳᠦᠷ ᠪᠠᠢᠵᠤ ᠪᠤᠯᠬᠤ ᠦᠭᠡᠢ᠂ ᠦᠪᠡᠷ ᠦᠨ ᠪᠤᠳᠠᠲᠤ ᠪᠠᠢᠳᠠᠯ ᠢᠶᠠᠨ ᠦᠨᠳᠦᠰᠦᠯᠡᠨ ᠲᠡᠮᠡᠴᠬᠡᠦ ᠬᠠᠷᠠᠯᠲᠠ ᠪᠠᠨ ᠲᠤᠭᠲᠠᠭᠠᠵᠤ᠂ ᠬᠦᠳᠡᠯᠭᠡᠭᠡᠨ ᠦ ᠪᠤᠯᠪᠠᠰᠤᠷᠠᠯ ᠢᠶᠠᠷ ᠳᠠᠮᠵᠢᠨ ᠪᠦᠬᠡᠴᠢᠳ ᠦᠨ ᠰᠠᠨᠳᠤᠷᠬᠤ ᠪᠠ ᠡᠷᠡᠭᠡᠯᠵᠡᠬᠦ ᠰᠡᠳᠬᠢᠯᠭᠡ ᠶᠢ ᠨᠢ ᠨᠠᠮᠳᠠᠭᠤᠯᠵᠤ ᠤᠷᠤᠯᠳᠤᠭᠠᠨ ᠳᠤ ᠣᠷᠤᠯᠴᠠᠭᠤᠯᠤᠨ᠎ᠠ᠃ ᠲᠤᠰᠬᠠᠢ ᠴᠢᠨᠠᠷᠲᠠᠢ ᠰᠡᠳᠬᠢᠴᠡ ᠶᠢᠨ ᠪᠤᠯᠪᠠᠰᠤᠷᠠᠯ ᠨᠢ ᠪᠦᠬᠡᠴᠢᠳ ᠦᠨ ᠰᠠᠨᠳᠤᠷᠬᠤ ᠪᠠ ᠡᠷᠡᠭᠡᠯᠵᠡᠬᠦ ᠪᠠᠢᠳᠠᠯ ᠢ ᠠᠷᠢᠯᠭᠠᠨ᠂ ᠤᠷᠮ᠎ᠠ ᠵᠤᠷᠢᠭ ᠢ ᠨᠢ ᠲᠤᠭᠲᠠᠭᠤᠨ ᠪᠤᠯᠭᠠᠬᠤ ᠦᠢᠯᠡᠳᠦᠯ ᠲᠡᠢ᠃ ᠨᠢᠭᠡ ᠤᠳᠠᠭᠠᠨ ᠤ ᠤᠷᠤᠯᠳᠤᠭᠠᠨ ᠲᠡᠮᠡᠴᠡᠭᠡᠨ ᠦ ᠡᠴᠦᠰ ᠦᠨ ᠢᠯᠠᠵᠤ ᠢᠯᠠᠭᠳᠠᠬᠤ ᠨᠢ ᠴᠤᠷᠢ ᠶᠢᠨ ᠭᠠᠭᠴᠠ ᠪᠡᠶ᠎ᠡ ᠲᠠᠮᠢᠷ ᠤᠨ ᠬᠡᠪ ᠴᠢᠨᠠᠷ ᠪᠠ ᠮᠡᠷᠭᠡᠵᠢᠯ ᠦᠨ ᠲᠠᠯ᠎ᠠ ᠶᠢᠨ ᠵᠦᠷᠢᠶ᠎ᠡ ᠪᠢᠰᠢ᠂ ᠬᠠᠷᠢᠨ ᠲᠡᠷᠡ ᠨᠢ ᠵᠤᠬᠢᠬᠤ ᠬᠡᠮᠵᠢᠶᠡᠨ ᠳᠦ ᠪᠦᠬᠡᠴᠢᠳ ᠦᠨ ᠰᠡᠳᠬᠢᠴᠡ ᠶᠢᠨ ᠬᠡᠪ ᠴᠢᠨᠠᠷ ᠢᠶᠠᠷ ᠲᠤᠭᠲᠠᠭᠠᠭᠳᠠᠳᠠᠭ ᠶᠤᠮ᠃ |
原文 |
没有原文
|
出自 |
内蒙古民族大学学报(自然科学)
2015年
第2期
|