论文信息


题名 ᠬᠦᠳᠡᠭᠡ ᠲᠤᠰᠬᠤᠨ ᠢ ᠰᠡᠷᠬᠦᠭᠡᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠬᠡᠷᠡᠭᠵᠢᠬᠦᠯᠬᠦ ᠶᠠᠪᠤᠴᠠ ᠳ᠋ᠤ ᠠᠮᠢ ᠠᠬᠤᠢ ᠵᠢ ᠤᠷᠢᠳ ᠢᠢᠡᠷ ᠪᠤᠳᠤᠯᠬᠢᠯᠠᠭᠰᠠᠨ ᠪᠤᠬᠢᠷᠲᠤᠯ ᠦᠭᠡᠢ ᠭᠦᠭᠵᠢᠯᠲᠡ ᠵᠢ ᠪᠠᠷᠢᠮᠲᠠᠯᠠᠬᠤ ᠲᠤᠬᠠᠢ
作者 ᠪᠤᠯᠪᠠᠰᠤᠨ ;ᠵᠤᠯᠠ
关键词 ᠬᠦᠳᠡᠭᠡ ᠲᠤᠰᠬᠤᠨ ᠢ ᠰᠡᠷᠭᠦᠭᠡᠨ ᠮᠠᠨᠳᠤᠭᠤᠯᠬᠤ ᠪᠠᠢᠯᠳᠤᠬᠤ ᠪᠤᠳᠤᠯᠭ᠎ᠠ; ᠠᠮᠢ ᠠᠬᠤᠢ ᠵᠢ ᠤᠷᠢᠳ ᠢᠢᠡᠷ ᠪᠤᠳᠤᠯᠬᠢᠯᠠᠭᠰᠠᠨ ᠪᠤᠬᠢᠷᠲᠤᠯ ᠦᠭᠡᠢ ᠬᠦᠭᠵᠢᠯᠲᠡ; ᠤᠯᠠᠨ ᠲᠠᠯᠠᠵᠢᠭᠰᠠᠨ ᠬᠦᠭᠵᠢᠯᠲᠡ ᠶᠢᠨ ᠤᠴᠢᠷ
摘要 ᠦᠪᠦᠷ ᠮᠣᠩᠭᠤᠯ ᠪᠤᠯ ᠮᠠᠨ ᠤ ᠤᠯᠤᠰ ᠤᠨ ᠤᠮᠠᠷᠠᠲᠤ ᠤᠷᠤᠨ ᠤ ᠲᠠᠯᠠᠪᠡᠢ ᠪᠡᠷ ᠬᠠᠮᠤᠭ ᠤᠨᠶᠡᠬᠡ ᠮ ᠲᠦᠷᠦᠯ ᠵᠦᠢᠯ ᠢᠢᠡᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠪᠬᠢ ᠶᠢᠨ ᠤᠷᠤᠨ ᠪᠤᠯᠤᠨ᠎ᠠ᠃ ᠮᠦᠨ ᠴᠦ ᠮᠠᠢ ᠠᠬᠤᠢ ᠶᠢᠨ ᠨᠦᠬᠦᠴᠡᠯ ᠬᠡᠪᠡᠷᠡᠭ᠂ ᠰᠡᠯᠬᠦᠨ ᠵᠠᠰᠠᠬᠤ ᠭᠦᠨᠳᠦ ᠡᠭᠦᠷᠭᠡ ᠪᠠᠢᠭ᠎ᠠ ᠭᠠᠵᠠᠷ ᠤᠷᠤᠨ ᠪᠤᠯᠤᠨ᠎ᠠ᠃ ᠡᠨᠡ ᠨᠢ ᠦᠪᠦᠷ ᠮᠣᠩᠭᠤᠯ ᠴᠨ ᠴᠢᠨᠠᠷ ᠰᠠᠢᠲᠡᠢ ᠬᠦᠭᠵᠢᠯᠲᠡ ᠵᠢ ᠪᠡᠶᠡᠯᠡᠬᠦᠯᠬᠦ᠂ ᠤᠨᠴᠠᠭᠠᠢᠯᠠᠨ ᠬᠦᠳᠡᠭᠡ ᠲᠤᠰᠬᠤᠨ ᠢ ᠰᠡᠷᠭᠦᠭᠡᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠭᠡᠷᠡᠭᠵᠢᠬᠦᠯᠬᠦ ᠠᠮᠢ ᠠᠬᠤᠢ ᠶᠢᠨ ᠰᠠᠭᠤᠷᠢ ᠪᠤᠯᠤᠨ᠎ᠠ᠃ ᠡᠯ ᠠ ᠭᠠᠵᠠᠷ ᠤᠷᠤᠨ ᠤ ᠬᠢᠨ ᠬᠦᠳᠡᠭᠡ ᠲᠤᠰᠬᠤᠨ ᠢ ᠰᠡᠷᠭᠦᠭᠡᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠬᠡᠷᠡᠭᠵᠢᠬᠦᠯᠬᠦ ᠶᠠᠪᠤᠴᠠ ᠳ᠋ᠤ᠂ ᠵᠠᠪᠠᠯ ᠬᠦᠳᠡᠭᠡ ᠲᠤᠰᠬᠤᠨ ᠮᠠᠯᠵᠢᠬᠤ ᠤᠷᠤᠨ ᠤ ᠲᠤᠬᠠᠢ ᠶᠢᠨ ᠭᠠᠵᠠᠷ ᠤᠨ ᠠᠮᠢ ᠠᠬᠤᠢ ᠪᠠ ᠣᠷᠴᠢᠨ ᠲᠤᠭᠤᠷᠢᠨ ᠤ ᠪᠤᠳᠠᠳᠤ ᠪᠠᠢᠳᠠᠯ ᠡᠴᠡ ᠡᠭᠦᠰᠴᠦ ᠭᠤᠤᠯᠳᠠᠯᠭᠠᠲᠤ ᠠᠮᠢ ᠠᠬᠤᠢ ᠶᠢᠨ ᠰᠢᠰᠲ᠋ᠸᠮ ᠢ ᠰᠡᠯᠬᠦᠨ ᠵᠠᠰᠠᠬᠤ᠂ ᠠᠮᠢ ᠠᠬᠤᠢ ᠶᠢᠨ ᠨᠦᠬᠦᠪᠦᠷᠢᠯᠡᠬᠦ ᠲᠤᠭᠲᠠᠴᠠ ᠵᠢ ᠲᠡᠭᠦᠯᠳᠡᠷᠵᠢᠬᠦᠯᠬᠦ᠂ ᠡᠬᠢ ᠪᠠᠶᠠᠯᠢᠭ ᠤᠷᠴᠢᠨ ᠲᠤᠭᠤᠷᠢᠨ ᠤ ᠲᠤᠪᠤᠢᠮ ᠠ ᠠᠰᠠᠭᠤᠳᠠᠯ ᠢ ᠲᠤᠬᠢᠲᠠᠢ ᠰᠢᠢᠳᠪᠦᠷᠢᠯᠡᠬᠦ᠂ ᠬᠦᠮᠦᠨ ᠠᠷᠠᠳ ᠤᠨ ᠤᠷᠤᠰᠢᠨ ᠤᠭᠲᠠᠨᠢᠬᠤ ᠤᠷᠴᠢᠨ ᠠᠬᠤᠢ ᠵᠢ ᠴᠡᠴᠡᠭᠯᠡᠨ ᠲᠦᠪᠬᠢᠨᠡᠬᠦᠯᠬᠦ ᠵᠡᠷᠭᠡ ᠦᠨᠳᠦᠰᠨ ᠠᠭᠤᠯᠭ᠎ᠠ ᠶᠢᠨ ᠲᠤᠭᠤᠷᠢᠨ ᠳ᠋ᠤ ᠤᠯᠠᠨ ᠲᠠᠯᠠᠵᠢᠭᠰᠠᠨ ᠠᠮᠢ ᠠᠬᠤᠢ  ᠵᠢ ᠤᠷᠢᠳ ᠢᠢᠡᠷ ᠪᠤᠳᠤᠯᠬᠢᠯᠠᠭᠰᠠᠨ ᠪᠤᠬᠢᠷᠲᠤᠯ ᠦᠭᠡᠢ ᠬᠦᠭᠵᠢᠯᠲᠡ ᠶᠢᠨ ᠵᠠᠮ ᠮᠦᠷ ᠢ ᠰᠦᠪᠡᠭᠴᠢᠯᠡᠪᠡᠯ ᠵᠣᠬᠢᠨ᠎ᠠ᠃
原文 查看原文
出自 内蒙古社会科学(蒙文版) 2019年 第2期

联系我们


内蒙古大学图书馆
呼和浩特市大学西路235号
中国·内蒙古
P: (0471) 4992561
E: huangfeilong@imu.edu.cn