摘要 |
ᠨᠡᠢᠭᠡᠮ ᠤᠨ ᠬᠦᠭᠵᠢᠯᠲᠡ᠂ ᠴᠠᠭ ᠦᠶ ᠠ ᠶᠢᠨ ᠬᠤᠪᠢᠷᠠᠯᠲᠠ ᠵᠢᠴᠢ ᠪᠤᠰᠤᠳ ᠦᠨᠳᠦᠰᠦᠲᠡᠨ ᠤ ᠰᠣᠶᠣᠯ ᠤᠨ ᠨᠡᠪᠴᠢᠯᠲᠡ ᠵᠢ ᠲᠠᠭᠠᠯᠳᠤᠨ᠂ ᠬᠦᠮᠦᠨ ᠠᠮᠠᠨ ᠶᠢᠨ ᠲᠤᠭ᠎ᠠ ᠪᠡᠷ ᠬᠠᠷᠢᠴᠠᠩᠭᠤᠢ ᠴᠦᠡᠨ ᠪᠠᠢᠳᠠᠭ ᠡᠸᠩᠬᠢ ᠦᠨᠳᠦᠰᠦᠲᠡᠨ ᠤ ᠬᠡᠯᠡ ᠨᠢ ᠤᠷᠢᠳ ᠡᠮᠦᠨ᠎ᠠ ᠪᠠᠢᠭ᠎ᠠ ᠦᠭᠡᠢ ᠶᠠᠬᠡ ᠬᠤᠪᠢᠷᠠᠯᠲᠠ ᠲᠠᠢ ᠪᠤᠯᠤᠭᠰᠠᠨ ᠶᠣᠮ᠃ ᠦᠭᠦᠯᠡᠯ ᠳ᠋ᠤ ᠡᠸᠩᠬᠢ ᠦᠨᠳᠦᠰᠦᠲᠡᠨ ᠤ ᠭᠤᠷᠪᠠᠨ ᠲᠦᠷᠦᠯ ᠤᠨ ᠨᠤᠲᠤᠭ ᠤᠨ ᠠᠶᠠᠯᠭᠤ ᠶᠢᠨ ᠬᠡᠷᠡᠭᠡᠯᠡᠯᠲᠡ ᠶᠢᠨ ᠪᠠᠢᠳᠠᠯ ᠢ ᠢᠨᠭᠲᠠᠯᠠᠨ ᠦᠵᠡᠵᠦ᠂ ᠬᠡᠷᠡᠭᠯᠡᠯᠲᠡ ᠶᠢᠨ ᠲᠤᠮᠳᠠ ᠤᠷᠤᠰᠢᠵᠤ ᠪᠠᠢᠭ᠎ᠠ ᠠᠰᠠᠭᠤᠳᠠᠯ ᠳ᠋ᠤ ᠵᠠᠳᠠᠯᠤᠯ ᠰᠢᠨᠵᠢᠯᠡᠯ ᠬᠢᠬᠦ ᠪᠡᠷ ᠲᠠᠮᠵᠢᠭᠤᠯᠤᠨ᠂ ᠡᠸᠩᠾᠢ ᠦᠨᠳᠦᠰᠦᠲᠡᠨ ᠤ ᠬᠡᠯᠡ ᠵᠢ ᠠᠤᠯᠠᠮᠵᠢᠯᠠᠵᠤ ᠬᠠᠮᠠᠭᠠᠯᠠᠬᠤ ᠠᠰᠠᠭᠤᠳᠠᠯ ᠤᠨ ᠲᠠᠯ ᠠ ᠪᠡᠷ ᠦᠪᠡᠷ ᠤᠨ ᠦᠵᠡᠯᠲᠡ ᠪᠠᠨ ᠲᠡᠪᠰᠢᠬᠦᠯᠪᠡ᠃ |