| 题名 | 
                ᠬᠤᠲᠠᠴᠢᠯᠠᠯᠲᠠ ᠳ᠋ᠡᠬᠢ ᠴᠦᠬᠡᠨ ᠲᠤᠭᠠᠲᠤ ᠦᠨᠳᠦᠰᠠᠲᠡᠨ ᠤ ᠤᠯᠤᠰ ᠲᠦᠷᠦ ᠶᠢᠨ ᠤᠷᠤᠯᠴᠠᠯᠭᠠ ᠶᠢᠨ ᠲᠤᠬᠠᠢ ᠰᠢᠨᠵᠢᠯᠡᠯ | 
            
            
                | 作者 | 
                ᠬᠤᠩ ᠮᠸᠢ | 
            
            
                | 关键词 | 
                ᠬᠤᠲᠠᠴᠢᠯᠠᠯᠲᠠ; ᠬᠤᠲᠠ ᠶᠢᠨ ᠴᠦᠭᠡᠨ ᠲᠤᠭᠠᠲᠤ ᠦᠨᠳᠦᠰᠦᠲᠡᠨ; ᠤᠯᠤᠯᠰ ᠲᠦᠷᠦ ᠶᠢᠨ ᠤᠷᠤᠯᠴᠠᠯᠭᠠ | 
            
            
                | 摘要 | 
                ᠪᠦᠬᠦ ᠤᠯᠤᠰ ᠤᠨ ᠬᠴᠲᠠᠴᠢᠯᠠᠯᠲᠠ ᠡᠴᠡ ᠪᠤᠯᠤᠭᠰᠠᠠ ᠬᠦᠮᠦᠨ ᠠᠮᠠᠨ ᠶᠢᠨ ᠶᠡᠬᠡ ᠤᠷᠤᠰᠬᠠᠯ ᠳ᠋ᠤ ᠬᠢᠯᠢ ᠬᠢᠵᠠᠭᠠᠷ ᠲᠤᠨ ᠤ ᠴᠦᠭᠡᠨ ᠲᠤᠭᠠᠲᠤ ᠦᠨᠳᠦᠰᠦᠲᠡᠨ ᠴᠦ ᠬᠠᠮᠤᠷᠤᠭᠳᠠᠨ ᠤᠷᠤᠵᠤ᠂ ᠦᠭᠡ ᠨᠤᠲᠤᠭ ᠡᠴᠡ ᠪᠠᠨ ᠰᠠᠯᠵᠤ᠂ ᠬᠤᠲᠠ ᠤᠷᠤᠵᠤᠠᠵᠢᠯᠯᠠᠵᠤ ᠠᠮᠢᠳᠤᠷᠠᠬᠤ ᠨᠢ ᠨᠡᠢᠭᠡᠮ ᠤᠨ ᠦᠵᠡᠭᠳᠡᠯ ᠪᠤᠯᠪᠠ᠃ ᠡᠭᠦᠨ ᠡᠴᠡ ᠪᠤᠯᠤᠭᠰᠠᠨ ᠠᠰᠢᠭ ᠲᠤᠰᠠ ᠶᠢᠨ ᠬᠠᠷᠢᠴᠠᠭᠠᠨ ᠤ ᠬᠤᠪᠢᠷᠠᠯᠲᠠ ᠨᠢ ᠴᠦ ᠴᠦᠭᠡᠨ ᠲᠤᠭᠠᠲᠤ ᠦᠨᠳᠦᠰᠦᠲᠡᠨ ᠤ ᠤᠯᠤᠰ ᠲᠦᠷᠦ ᠶᠢᠨ ᠤᠷᠤᠯᠴᠠᠯᠭᠠ ᠶᠢᠨ ᠤᠬᠠᠮᠰᠠᠷ ᠢ ᠶᠡᠬᠡᠪᠡᠷ ᠴᠢᠩᠭᠠᠳᠬᠠᠵᠤ᠂ ᠲᠡᠳᠡᠨ ᠤ ᠬᠤᠪᠢ ᠪᠡᠶ ᠠ ᠶᠢᠨ ᠢᠢᠡᠨ ᠠᠰᠢᠭ ᠲᠤᠰᠠ ᠶᠢᠨ ᠡᠭᠦᠳᠡᠨ ᠡᠴᠡ ᠤᠯᠤᠰ ᠲᠦᠷᠦ ᠶᠢᠨ ᠠᠮᠢᠳᠤᠷᠠᠯ ᠳ᠋ᠤ ᠤᠷᠤᠯᠴᠠᠬᠤ ᠢᠳᠡᠪᠬᠢ ᠴᠢᠨᠷ ᠨᠢ ᠴᠦ ᠲᠡᠭᠭᠡᠰᠢᠯᠡᠭᠰᠡᠨ ᠪᠠᠢᠨᠠ᠃ ᠡᠢᠮᠦ ᠡᠴᠡ ᠬᠤᠲᠠᠴᠢᠯᠠᠯᠲᠠ ᠶᠢᠨ ᠶᠠᠪᠤᠴᠠ ᠳ᠋ᠡᠬᠢ ᠴᠦᠭᠡᠨ ᠲᠤᠭᠠᠲᠤ ᠦᠨᠳᠦᠰᠦᠲᠡᠨ ᠤ ᠤᠯᠤᠰ ᠲᠦᠷᠦ ᠶᠢᠨ ᠤᠷᠤᠯᠴᠠᠯᠭᠠ ᠶᠢᠨ ᠠᠰᠠᠭᠤᠳᠠᠯ ᠢ ᠬᠦᠨᠳᠦᠳᠭᠡᠨ ᠦᠵᠡᠵᠦ᠂ ᠡᠷᠡᠭᠦᠯ ᠢᠢᠡᠷ ᠦᠷᠭᠡᠳᠭᠡᠨ ᠠᠬᠢᠭᠤᠯᠬᠤ ᠨᠢ ᠬᠤᠲᠠ ᠶᠢᠨ ᠤᠷᠤᠰᠢᠨ ᠲᠤᠭᠲᠠᠨᠢᠯ᠂ ᠠᠵᠤ ᠠᠬᠤᠢ ᠶᠢᠨ ᠦᠰᠦᠯᠲᠡ ᠵᠢᠴᠢ ᠠᠷᠠᠳᠴᠢᠯᠠᠯ ᠤᠯᠤᠰ ᠲᠦᠷᠦ ᠶᠢᠨ ᠬᠦᠭᠵᠯᠲᠡ ᠵᠡᠷᠭᠡ ᠳ᠋ᠤ ᠴᠦᠮ ᠬᠦᠨᠳᠦ ᠴᠢᠬᠤᠯᠠ ᠨᠦᠯᠦᠭᠡ ᠲᠤᠰᠬᠠᠯ ᠢ ᠦᠵᠡᠬᠦᠯᠬᠦ ᠪᠤᠯᠤᠨᠠ᠃ | 
            
            
                | 原文 | 
                
                    
                    查看原文
                    
                 | 
            
          
            | 出自 | 
            
              内蒙古社会科学(蒙文版)
              2019年
               第4期
             |