题名 |
ᠮᠣᠩᠭᠤᠯ ᠤᠷᠠᠨ ᠵᠣᠬᠢᠶᠠᠯ ᠤᠨ ᠲᠡᠦᠭᠡ ᠪᠢᠴᠢᠯᠭᠡ ᠳ᠋ᠡᠬᠢ ᠤᠷᠴᠢᠭᠤᠯᠭ᠎ᠠ ᠶᠢᠨ ᠤᠷᠠᠨ ᠵᠣᠬᠢᠶᠠᠯ ᠤᠨ ᠪᠠᠢᠷᠢ ᠰᠠᠭᠤᠷᠢ ᠶᠢᠨ ᠲᠤᠬᠠᠢ |
作者 |
ᠬᠠᠰᠴᠢᠯᠠᠭᠤ |
关键词 |
ᠣᠷᠴᠢᠭᠤᠯᠭ᠎ᠠ ᠶᠢᠨ ᠤᠷᠠᠨ ᠵᠣᠬᠢᠶᠠᠯ; ᠤᠷᠠᠨᠵᠣᠬᠢᠶᠠᠯ ᠤᠨ ᠲᠡᠦᠭᠡ ᠪᠢᠴᠢᠯᠭᠡ; ᠪᠠᠢᠷᠢ ᠰᠠᠭᠤᠷᠢ |
摘要 |
ᠮᠣᠩᠭᠤᠯᠴᠤᠳ ᠣᠷᠴᠢᠭᠤᠯᠭ᠎ᠠ ᠶᠢᠨ ᠤᠷᠠᠨ ᠵᠣᠬᠢᠶᠠᠯ ᠤᠨ ᠪᠠᠶᠠᠯᠢᠭ ᠦᠪ ᠲᠠᠢ ᠪᠢᠯᠡ; ᠮᠣᠩᠭᠤᠯ ᠣᠷᠴᠢᠭᠤᠯᠭ᠎ᠠ ᠶᠢᠨ ᠤᠷᠠᠨ ᠵᠣᠬᠢᠶᠠᠯ ᠪᠤᠯ ᠮᠣᠩᠭᠤᠯ ᠤᠷᠠᠨ ᠵᠤᠬᠢᠶᠠᠯ ᠤᠨ ᠴᠢᠬᠤᠯᠠ ᠪᠦᠷᠢᠯᠳᠦᠬᠦᠨ ᠬᠡᠰᠡᠭ ᠮᠦᠨ᠃ ᠣᠷᠴᠢᠭᠤᠯᠭ᠎ᠠ ᠶᠢᠨ ᠤᠷᠠᠨ ᠵᠣᠬᠢᠶᠠᠯ ᠢ ᠮᠣᠩᠭᠤᠯ ᠤᠷᠠᠨ ᠵᠣᠬᠢᠶᠠᠯ ᠤᠨ ᠲᠡᠦᠭᠡ ᠳ᠋ᠤ ᠤᠷᠤᠭᠤᠯᠬᠤ ᠡᠰᠡᠬᠦ ᠲᠤᠬᠠᠢ ᠡᠷᠳᠡᠮᠲᠡᠳ ᠤᠨ ᠰᠠᠨᠠᠯ ᠨᠢᠭᠡᠲᠦᠯ ᠦᠭᠡᠢ ᠪᠠᠢᠨ᠎ᠠ᠃ ᠦᠭᠦᠯᠡᠯ ᠳ᠋ᠤ ᠮᠣᠩᠭᠤᠯ ᠤᠷᠴᠢᠭᠤᠯᠭ᠎ᠠ ᠶᠢᠨ ᠤᠷᠠᠨᠵᠣᠬᠢᠶᠠᠯ ᠤᠨ ᠮᠣᠩᠭᠤᠯ ᠤᠷᠠᠨ ᠵᠣᠬᠢᠶᠠᠯ ᠤᠨ ᠲᠡᠦᠭᠡ ᠪᠢᠴᠢᠯᠭᠡ ᠳ᠋ᠡᠬᠢ ᠤᠷᠤᠨ ᠪᠠᠢᠷᠢ ᠵᠢ ᠲᠡᠯᠭᠡᠨ ᠬᠠᠷᠠᠭᠤᠯᠵᠤ᠂ ᠮᠣᠩᠭᠤᠯ ᠦᠨᠳᠦᠰᠦᠲᠡᠨ ᠤ ᠤᠯᠠᠮᠵᠢᠯᠠᠯ ᠪᠠ ᠬᠠᠷᠢᠴᠠᠭᠤᠯᠤᠭᠰᠠᠨ ᠤᠷᠠᠨ ᠵᠣᠬᠢᠶᠠᠯ ᠤᠨ ᠤᠨᠤᠯ᠂ ᠢᠯᠠᠩᠭᠤᠶ ᠠ ᠣᠳᠣ ᠦᠶ ᠠ ᠶᠢᠨ ᠣᠷᠴᠢᠭᠤᠯᠭ᠎ᠠ ᠰᠣᠳᠤᠯᠤᠯ ᠤᠨ ᠤᠨᠤᠯ ᠳ᠋ᠤ ᠰᠠᠭᠤᠷᠢᠯᠠᠨ ᠮᠣᠩᠭᠤᠯ ᠣᠷᠴᠢᠭᠤᠯᠭ᠎ᠠ ᠶᠢᠨ ᠤᠷᠠᠨ ᠵᠣᠬᠢᠶᠠᠯ ᠢ ᠮᠣᠩᠭᠤᠯ ᠤᠷᠠᠨ ᠵᠣᠬᠢᠶᠠᠯ ᠤᠨ ᠲᠡᠦᠭᠡᠨ ᠳ᠋ᠤ ᠪᠠᠭᠲᠠᠭᠠᠨ ᠤᠷᠤᠭᠤᠯᠬᠤ ᠶᠨ ᠤᠴᠢᠷ ᠰᠢᠯᠲᠠᠭᠠᠨ ᠢ ᠦᠭᠦᠯᠡᠭᠡᠳ ᠮᠣᠩᠭᠤᠯ ᠣᠷᠴᠢᠭᠤᠯᠭ᠎ᠠ ᠶᠢᠨ ᠤᠷᠠᠨ ᠵᠣᠬᠢᠶᠠᠯ ᠪᠤᠯ ᠮᠣᠩᠭᠤᠯ ᠤᠷᠠᠨ ᠵᠣᠬᠢᠶᠠᠯ ᠤᠨ ᠰᠠᠯᠵᠤ ᠪᠤᠯᠤᠰᠢ ᠦᠭᠡᠢ ᠪᠦᠷᠢᠯᠳᠦᠬᠦᠨ ᠬᠡᠳᠡᠭ ᠮᠦᠨ᠂ ᠮᠣᠩᠭᠤᠯ ᠤᠷᠠᠨ ᠵᠣᠬᠢᠶᠠᠯ ᠤᠨ ᠲᠡᠦᠭᠡᠨ ᠪᠢᠴᠢᠯᠭᠡ ᠳ᠋ᠤ ᠲᠡᠬᠦᠨ ᠢ ᠪᠠᠭᠲᠠᠭᠠᠨ ᠤᠷᠤᠭᠤᠯᠬᠤ ᠨᠢ ᠵᠦᠢᠲᠡᠢ᠂ ᠮᠣᠩᠭᠤᠯ ᠣᠷᠴᠢᠭᠤᠯᠭ᠎ᠠ ᠶᠢᠨ ᠤᠷᠠᠨ ᠵᠣᠬᠢᠶᠠᠯ ᠤᠨ ᠲᠡᠦᠭᠡ ᠵᠢ ᠲᠤᠭᠤᠷᠪᠢᠨ ᠪᠢᠴᠢᠪᠡᠯ ᠵᠤᠬᠢᠨ᠎ᠠ ᠭᠡᠬᠦ ᠦᠵᠡᠯᠲᠡ ᠪᠠᠨ ᠲᠡᠪᠰᠢᠬᠦᠯᠵᠡᠢ. |
原文 |
没有原文
|
出自 |
内蒙古社会科学(蒙文版)
2019年
第5期
|