论文信息


题名 ᠦᠪᠦᠷ ᠮᠣᠩᠭᠤᠯ ᠤᠨ ᠭᠤᠤᠯᠳᠠᠯᠭᠠᠲᠤ ᠲᠤᠷᠰᠢᠯᠲᠠ ᠶᠢᠨ ᠲᠠᠰᠤᠭ ᠤᠨ ᠬᠦᠭᠵᠢᠯᠲᠡ ᠶᠢᠨ ᠪᠠᠢᠳᠠᠯ ᠵᠢᠴᠢ ᠲᠡᠭᠦᠨ ᠤ ᠪᠦᠲᠦᠭᠡᠨ ᠪᠠᠢᠭᠤᠯᠤᠯᠲᠠ ᠶᠢᠨ ᠲᠤᠬᠠᠢ ᠦᠭᠦᠯᠡᠬᠦ ᠨᠢ- ᠮᠣᠩᠭᠤᠯ ᠤᠨ ᠦᠨᠳᠦᠷᠯᠢᠭ ᠤᠨ ᠭᠠᠮᠰᠢᠭ ᠬᠢᠭᠡᠳ ᠠᠮᠢ ᠠᠬᠤᠢ ᠶᠢᠨ ᠲᠦᠪᠰᠢᠨ ᠤ ᠭᠤᠤᠯᠲᠠᠯᠭᠠᠲᠤ ᠲᠤᠷᠰᠢᠯᠲᠡ ᠶᠢᠨ ᠲᠠᠰᠤᠭ ᠤᠨ ᠵᠢᠱᠢᠶᠡᠨ ᠲᠡᠭᠡᠷ ᠠ
作者 ᠨᠠᠷᠠᠨᠮᠠᠨᠳᠤᠯ ᠠ; ᠬᠤᠩᠭᠤᠷ
关键词 ᠵᠢᠭᠠᠨ ᠰᠤᠷᠭᠠᠯᠲᠠ ᠪᠠ ᠰᠣᠳᠤᠯᠭᠠᠨ;ᠭᠤᠤᠯᠳᠠᠯᠭᠠᠲᠤ ᠲᠤᠷᠰᠢᠯᠲᠠ ᠶᠢᠨ ᠲᠠᠰᠤᠭ; ᠶᠡᠬᠡ ᠲᠡᠭᠡᠳᠦ ᠰᠤᠷᠭᠠᠭᠤᠯᠢ
摘要 ᠶᠡᠬᠡ ᠲᠡᠭᠡᠳᠦ ᠰᠤᠷᠭᠠᠭᠤᠯᠢ ᠶᠢᠨ ᠭᠤᠤᠯᠳᠠᠯᠭᠠᠲᠤ ᠲᠤᠷᠰᠢᠯᠲᠠ ᠶᠢᠨ ᠲᠠᠰᠤᠭ ᠢ ᠪᠦᠲᠦᠭᠡᠨ ᠪᠠᠢᠭᠤᠯᠬᠤ ᠨᠢ ᠲᠤᠬᠠᠢ ᠶᠢᠨ ᠭᠠᠵᠠᠷ ᠤᠨ ᠰᠢᠨ᠎ᠠ ᠵᠢ ᠡᠭᠦᠳᠴᠦ ᠦᠢᠯᠡᠰ ᠴᠣᠭᠴᠠᠯᠠᠬᠤ᠂ ᠰᠢᠨ᠎ᠠ ᠮᠠᠶᠢᠭ ᠤᠨ ᠴᠢᠳᠠᠪᠤᠷᠢᠲᠠᠨ ᠢ ᠬᠦᠮᠦᠵᠢᠬᠦᠯᠬᠦ ᠳ᠋ᠤᠴᠢᠬᠤᠯ ᠨᠦᠬᠦᠴᠡᠯ ᠪᠤᠯᠳᠠᠭ᠃ ᠦᠭᠦᠯᠡᠯ ᠳ᠋ᠤ ᠭᠠᠮᠰᠢᠭ ᠬᠢᠭᠡᠳ ᠠᠮᠢ ᠠᠬᠤᠢ ᠶᠢᠨ ᠠᠮᠤᠷ ᠲᠦᠪᠰᠢᠨ ᠤ ᠭᠤᠤᠯᠳᠠᠯᠭᠠᠲᠤ ᠲᠤᠷᠰᠢᠯᠲᠠ ᠶᠢᠨ ᠲᠠᠰᠤᠭ ᠢ ᠴᠣᠭᠴᠠᠯᠠᠬᠤ ᠤᠷᠴᠢᠨ ᠨᠦᠬᠦᠴᠡᠯ ᠵᠢᠴᠢ ᠲᠡᠭᠦᠨ ᠤ ᠬᠦᠭᠵᠢᠯᠲᠡ ᠶᠢᠨ ᠶᠠᠪᠤᠴᠠ ᠵᠢ ᠦᠨᠳᠦᠰᠦᠯᠡᠵᠦ ᠲᠤᠷᠰᠢᠯᠲᠠ ᠶᠢᠨ ᠲᠠᠰᠤᠭ ᠤᠨ ᠪᠠᠢᠷᠢ ᠰᠠᠭᠤᠷᠢ᠂ ᠪᠦᠲᠦᠴᠡ᠂ ᠡᠵᠡᠩᠨᠨᠡ ᠬᠠᠮᠢᠶᠠᠷᠤᠯᠲᠠ ᠪᠠ ᠠᠵᠢᠯᠯᠠᠬᠤ ᠪᠠᠭ ᠤᠨ ᠪᠠᠢᠭᠤᠯᠤᠯᠲᠡ ᠵᠡᠷᠭᠡ ᠪᠦᠲᠦᠭᠡᠯ ᠪᠠᠢᠭᠤᠯᠤᠯᠲᠠ ᠶᠢᠨ ᠪᠠᠢᠳᠠᠯ ᠪᠠ ᠲᠡᠭᠦᠨ ᠳ᠋ᠤ ᠤᠷᠤᠰᠢᠵᠤ ᠪᠠᠢᠭ᠎ᠠ ᠠᠰᠠᠭᠤᠳᠠᠯ ᠢ ᠵᠠᠳᠠᠯᠵᠠᠢ᠃ ᠡᠭᠦᠨ ᠤ ᠲᠠᠭᠤ ᠠᠰᠠᠭᠤᠳᠠᠯ ᠢ ᠰᠢᠢᠳᠪᠦᠷᠢᠯᠡᠬᠦ ᠠᠷᠭ᠎ᠠ ᠠᠪᠴᠠᠯ ᠪᠠ ᠲᠡᠭᠦᠯᠳᠡᠷᠵᠢᠬᠦᠯᠬᠦ ᠰᠠᠨᠠᠯ ᠢ ᠲᠤᠷᠠᠳᠴᠤ᠂ ᠮᠠᠨ ᠤ ᠤᠷᠤᠨ ᠤ ᠭᠤᠤᠯᠳᠠᠯᠭᠠᠲᠤ ᠲᠤᠷᠰᠢᠯᠲᠠ ᠶᠢᠨ ᠲᠠᠰᠤᠭ ᠤᠨ ᠪᠦᠲᠦᠭᠡᠨ ᠪᠠᠢᠭᠤᠯᠤᠯᠲᠠ ᠪᠠ ᠦᠭᠡᠷᠡᠴᠢᠯᠠᠯᠲᠠ ᠬᠦᠭᠵᠢᠯᠲᠡ ᠳ᠋ᠤ ᠯᠠᠪᠯᠠᠯᠲᠠ ᠪᠤᠯᠭᠠᠬᠤ ᠵᠢ ᠵᠤᠷᠢᠭᠰᠠᠨ ᠶᠣᠮ᠃
原文 查看原文
出自 内蒙古社会科学(蒙文版) 2020年 第5期

联系我们


内蒙古大学图书馆
呼和浩特市大学西路235号
中国·内蒙古
P: (0471) 4992561
E: huangfeilong@imu.edu.cn