摘要 |
ᠦᠭᠦᠯᠡᠯ ᠳ᠋ᠤ ᠶᠠᠭᠤᠨ ᠤ ᠡᠮᠦᠨ᠎ᠠ 《 ᠮᠡᠷᠭᠡᠳ ᠭᠠᠷᠬᠤ ᠶᠢᠨ ᠤᠷᠤᠨ》 ᠤ ᠲᠤᠬᠠᠢ ᠲᠦᠭᠦᠮ ᠲᠠᠨᠢᠯᠴᠠᠭᠤᠯᠵᠤ᠂ ᠲᠠᠷᠠᠭ᠎ᠠ ᠨᠢ ᠡᠮᠬᠢᠳᠭᠡᠨ ᠣᠷᠴᠢᠭᠤᠯᠤᠭᠴᠢᠳ ᠤᠨ ᠲᠤᠬᠠᠢ ᠶᠢᠨ ᠨᠡᠢᠭᠡᠮ ᠤᠨ ᠮᠣᠩᠭᠤᠯ ᠲᠦᠪᠡᠳ᠂ ᠦᠨᠳᠦᠰᠦᠲᠡᠨ ᠤ ᠰᠣᠶᠣᠯ ᠤᠨ ᠰᠣᠯᠢᠯᠴᠠᠭᠠᠨ ᠤ ᠲᠤᠮᠳᠠᠬᠢ ᠬᠡᠷᠡᠭᠴᠡᠭᠡ ᠱᠠᠭᠠᠷᠳᠠᠯᠭ᠎ᠠ ᠵᠢ ᠠᠵᠢᠭᠴᠢ ᠬᠢᠷᠠᠬᠠᠢ ᠪᠡᠷ ᠲᠠᠨᠢᠨ ᠮᠡᠳᠡᠭᠰᠡᠨ ᠨᠡᠢᠭᠡᠮ ᠰᠣᠶᠣᠯ ᠤᠨ ᠬᠠᠷᠢᠭᠤᠴᠠᠯᠭᠠᠲᠤ ᠰᠡᠳᠬᠢᠬᠦᠢ᠂ ᠤᠷᠴᠢᠭᠤᠯᠭ᠎ᠠ ᠶᠢᠨ ᠲᠤᠯᠢ ᠪᠢᠴᠢᠭ ᠪᠤᠯᠤᠭᠰᠠᠨ ᠤ ᠬᠤᠪᠢ ᠳ᠋ᠤ᠂ ᠲᠦᠪᠡᠳ ᠬᠡᠯᠡᠨ ᠤ ᠦᠪᠡᠷᠮᠢᠴᠡ ᠣᠨᠴᠠᠯᠢᠭ ᠪᠠ ᠬᠡᠯᠡᠨ ᠤ ᠬᠡᠷᠡᠭᠯᠡᠯᠲᠡ ᠶᠢᠨ ᠵᠠᠷᠢᠴᠢᠮ ᠢ ᠨᠢᠭᠡᠳᠭᠡᠬᠦ᠂ ᠲᠦᠪᠡᠳ ᠬᠡᠯᠡᠨ ᠤ 《 ᠬᠡᠯᠪᠡᠷᠢ》 ᠪᠠ 《 ᠤᠳᠬ ᠠ 》 ᠵᠢ ᠤᠶᠤᠯᠳᠤᠭᠤᠯᠬᠤ ᠵᠡᠷᠭᠡ ᠲᠠᠯ ᠠ ᠪᠡᠷ ᠬᠢ ᠪᠤᠰᠤᠳᠴᠢ ᠦᠨᠡᠨ ᠢ ᠪᠠᠷᠢᠯᠳᠠᠯᠠᠭᠰᠠᠨ ᠦᠵᠡᠯ ᠰᠠᠨᠠᠭ᠎ᠠ; ᠪᠤᠷᠬᠠᠨ ᠤ ᠱᠠᠰᠢᠨ ᠤ ᠰᠣᠶᠣᠯ ᠮᠣᠳᠡᠯᠭᠡ ᠶᠢᠨ ᠲᠠᠢᠯᠪᠤᠷᠢ ᠲᠤᠯᠢ ᠪᠢᠴᠢᠭ ᠪᠤᠯᠤᠭᠰᠠᠨ ᠤ ᠬᠤᠪᠢ ᠳ᠋ᠤ᠂ ᠤᠤᠯ ᠤᠳᠬ ᠠ ᠰᠠᠨᠠᠭ᠎ᠠ ᠵᠢ ᠨᠢ ᠬᠤᠪᠢᠷᠠᠭᠤᠯᠬᠤ ᠦᠭᠡᠢ ᠤᠷᠢᠲᠠᠢ ᠲᠤᠤᠷ ᠠ ᠲᠦᠪᠡᠳ《 ᠲᠠᠨᠵᠤᠤᠷ》 ᠤᠨ ᠦᠭᠡ ᠬᠡᠯᠡᠨ ᠳ᠋ᠤ ᠵᠤᠬᠢᠰᠲᠠᠢ ᠨᠡᠮᠡᠯᠲᠡ ᠬᠠᠰᠤᠯᠲᠠ ᠬᠢᠬᠦ ᠪᠤᠶᠤ ᠤᠳᠬᠠᠴᠢᠯᠠᠨ ᠤᠷᠴᠢᠭᠤᠯᠬᠤ᠂ ᠮᠣᠩᠭᠤᠯ ᠤᠷᠴᠢᠭᠤᠯᠭ᠎ᠠ ᠶᠢᠨ ᠦᠭᠡᠰ ᠢ ᠤᠢᠯᠠᠭᠠᠵᠤ ᠮᠡᠳᠡᠬᠦ ᠳ᠋ᠤ ᠬᠠᠮᠤᠭ ᠤᠨ ᠲᠦᠬᠦᠮ ᠬᠡᠯᠪᠡᠷᠢ ᠦᠭᠡᠰ ᠢ ᠰᠤᠩᠭᠤᠨ ᠬᠡᠷᠡᠭᠯᠡᠬᠦ ᠡᠭᠦᠳᠦᠨᠪᠲᠦᠭᠡᠯᠲᠡ ᠶᠢᠨ ᠴᠢᠠᠨᠷᠡᠲᠠᠢ ᠦᠵᠡᠯ ᠰᠠᠨᠠᠭ᠎ᠠ ᠵᠡᠷᠭᠡ ᠵᠢ ᠵᠠᠳᠠᠯᠤᠨ ᠰᠢᠨᠵᠢᠯᠡᠪᠡ᠃ |