摘要 |
ᠬᠤᠪᠴᠠᠰᠤ ᠵᠠᠰᠠᠯ ᠪᠤᠯ ᠦᠨᠳᠦᠰᠦᠲᠡᠨ ᠤ ᠰᠣᠶᠣᠯ ᠤᠨ ᠴᠢᠬᠤᠯᠠ ᠨᠢᠭᠡᠨ ᠠᠴᠢᠶᠠᠯᠠᠭᠴᠢ ᠪᠡᠶ ᠠ ᠪᠤᠯᠵᠤ᠂ ᠦᠨᠳᠦᠰᠦᠲᠡᠨ ᠤ ᠲᠡᠭᠡᠨ ᠬᠦᠭᠵᠢᠯᠲᠡ᠂ᠠᠬᠤᠢ ᠠᠮᠢᠳᠤᠷᠠᠯ᠂ ᠵᠠᠩ ᠦᠢᠯᠡ᠂ ᠭᠤᠣ ᠠ ᠲᠠᠭᠠᠰᠢᠶᠠᠯ ᠵᠡᠷᠭᠡ ᠤᠯᠠᠨ ᠲᠠᠯ ᠠ ᠵᠢ ᠲᠦᠪᠡᠯᠷᠡᠬᠦᠯᠦᠨ ᠲᠤᠰᠬᠠᠵᠤ ᠪᠠᠢᠳᠠᠭ ᠶᠣᠮ᠃ ᠪᠠᠷᠭᠤ ᠬᠤᠪᠴᠠᠰᠤ ᠵᠠᠰᠠᠯ ᠨᠢ ᠲᠡᠦᠭᠡ ᠶᠢᠨ ᠤᠷᠲᠤ ᠠᠶᠠᠨ ᠤ ᠶᠠᠪᠤᠴᠠ ᠳ᠋ᠤ ᠦᠪᠡᠷᠮᠢᠴᠡ ᠣᠨᠴᠠᠯᠢᠭ ᠰᠢᠨᠵᠢ ᠪᠠᠨ ᠬᠦᠢᠴᠡᠳ ᠬᠠᠳᠠᠭᠠᠯᠵᠤ ᠢᠷᠡᠭᠰᠡᠨ ᠮᠦᠷᠲᠡᠭᠡᠨ ᠤᠯᠠᠮᠵᠢᠯᠠᠯ ᠲᠠᠢ ᠰᠢᠨᠡᠴᠢᠯᠠᠯ ᠲᠠᠢ ᠪᠡᠷ ᠦᠨᠳᠦᠰᠦᠲᠡᠨ ᠤ ᠭᠤᠤ ᠠ ᠰᠠᠢᠬᠠᠨ ᠤ ᠬᠡᠷᠡᠭᠴᠡᠭᠡ ᠱᠠᠭᠠᠷᠳᠠᠯᠭ᠎ᠠ ᠵᠢ ᠬᠦᠢᠴᠡᠳ ᠬᠠᠩᠭᠠᠵᠤ ᠪᠠᠢᠭ᠎ᠠ ᠶᠣᠮ᠃ ᠦᠭᠦᠯᠡᠯ ᠳ᠋ᠤ᠂ ᠪᠠᠷᠭᠤ ᠬᠤᠪᠴᠠᠰᠤ ᠵᠠᠰᠠᠯ ᠤᠨ ᠤᠯᠠᠷᠢᠯ ᠬᠤᠪᠢᠰᠤᠯ ᠤᠨ ᠤᠳᠤᠬᠢ ᠪᠠᠢᠳᠠᠯ ᠳ᠋ᠤ ᠰᠠᠭᠤᠷᠢᠯᠠᠵᠤ ᠤᠯᠠᠷᠢᠯ ᠬᠤᠪᠢᠰᠤᠯ ᠤᠨ ᠰᠢᠯᠲᠠᠭᠠᠨ ᠢ ᠪᠡᠶᠡᠴᠢ ᠪᠤᠯᠤᠨ ᠪᠤᠰᠤᠳᠴᠢ ᠲᠠᠯ ᠠ ᠡᠴᠡ ᠵᠠᠳᠠᠯᠵᠤ᠂ ᠪᠠᠷᠭᠤ ᠬᠤᠪᠴᠠᠰᠤ ᠵᠠᠰᠠᠯ ᠤᠨ ᠤᠯᠠᠷᠯ ᠬᠤᠪᠢᠰᠤᠯ ᠤᠨ ᠬᠦᠭᠵᠢᠯᠲᠡ ᠶᠢᠨ ᠲᠤᠬᠠᠢ ᠰᠢᠨᠵᠢᠯᠡᠪᠡ᠃ |