| 题名 | 
                ᠮᠣᠩᠭᠤᠯ ᠦᠨᠳᠦᠰᠦᠲᠡᠨ ᠤ ᠵᠠᠩ ᠦᠢᠯᠡ ᠶᠢᠨ ᠭᠡᠷᠡᠯ ᠵᠢᠷᠤᠭ ᠲᠤ ᠬᠤᠯᠪᠤᠭᠳᠠᠭᠰᠠᠨ ᠰᠣᠶᠣᠯ ᠤᠨ ᠤᠯᠠᠮᠵᠢᠯᠠᠭᠠᠨ ᠤ ᠦᠢᠯᠡᠳᠦᠯ ᠢ  ᠰᠢᠨᠵᠢᠯᠡᠬᠦ ᠨᠢ | 
            
            
                | 作者 | 
                ᠡᠷᠳᠡᠨᠢᠪᠢᠯᠢᠭ | 
            
            
                | 关键词 | 
                ᠵᠠᠩ ᠦᠢᠯᠡ; ᠭᠡᠷᠡᠯ ᠵᠢᠷᠤᠭ; ᠤᠯᠠᠮᠵᠢᠯᠠᠭᠠ ᠶᠢᠨ ᠦᠷ ᠡ ᠪᠦᠲᠦᠮᠵᠢ | 
            
            
                | 摘要 | 
                ᠮᠣᠩᠭᠤᠯ ᠦᠨᠳᠦᠰᠦᠲᠡᠨ ᠤ ᠵᠠᠩ ᠦᠢᠯᠡ ᠶᠢᠨ ᠭᠡᠷᠡᠯ ᠵᠢᠷᠤᠭ ᠲᠤ ᠠᠴᠢᠶᠠᠯᠠᠵᠤ ᠪᠠᠢᠭᠠ ᠰᠣᠶᠣᠯ ᠤᠨ ᠠᠭᠤᠯᠤᠭᠳᠠᠬᠤᠨ ᠢ ᠪᠦᠷᠢᠨ ᠬᠦᠢᠴᠡᠳ ᠢᠯᠡᠳᠭᠡᠨ ᠲᠠᠮᠵᠢᠭᠤᠯᠬᠤ ᠨᠢ ᠦᠨᠳᠦᠰᠦᠲᠡᠨ ᠨᠡᠭᠦᠳ ᠤᠨ ᠤᠢᠯᠠᠭᠠᠯᠴᠠᠯᠭᠠ ᠳ᠋ᠤ ᠲᠤᠰᠠ ᠲᠡᠮ ᠪᠤᠯᠬᠤ ᠪᠡᠷ ᠦᠯᠦ ᠪᠠᠷᠠᠮ ᠲᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠲᠡᠯᠭᠡᠷᠡᠬᠦᠯᠦᠨ ᠬᠦᠭᠵᠢᠬᠦᠯᠬᠦ ᠳ᠋ᠤ ᠠᠬᠤᠢᠴᠢ ᠠᠴᠢ ᠬᠤᠯᠪᠤᠭᠳᠠᠯ ᠲᠠᠢ ᠶᠣᠮ᠃ ᠲᠡᠷᠡ ᠨᠢ ᠭᠡᠷᠡᠯ ᠵᠢᠷᠤᠭ ᠤᠨ ᠨᠢᠭᠡᠨ ᠲᠦᠷᠦᠯ ᠪᠤᠯᠤᠭᠰᠠᠨ ᠤ ᠬᠤᠪᠢ ᠳ᠋ᠤ ᠪᠤᠰᠤᠳ ᠰᠤᠷᠠᠭ ᠵᠠᠩᠬᠢ ᠶᠢᠨ ᠠᠴᠢᠶᠠᠯᠠᠭᠴᠢ ᠲᠠᠢ ᠠᠳᠠᠯᠢ ᠪᠡᠷ ᠤᠯᠠᠨ ᠨᠡᠢᠲᠡ ᠶᠢᠨ ᠵᠠᠭᠤᠴᠢᠯᠠᠭᠤᠷ ᠤᠨ ᠣᠷᠴᠢᠨ ᠤ ᠨᠦᠯᠦᠭᠡ ᠵᠢ ᠬᠦᠷᠲᠡᠳᠡᠭ᠃ ᠪᠢᠳᠡ ᠮᠣᠩᠭᠤᠯ ᠦᠨᠳᠦᠰᠦᠲᠡᠨ ᠤ ᠵᠠᠩ ᠦᠢᠯᠡ ᠶᠢᠨ ᠭᠡᠷᠡᠯ ᠵᠢᠷᠤᠭ ᠢ ᠵᠦᠪ ᠲᠠᠨᠢᠨ ᠤᠢᠯᠠᠭᠠᠵᠤ᠂ ᠲᠡᠭᠦᠨ ᠤ ᠤᠯᠠᠮᠵᠢᠯᠠᠭᠠ ᠶᠢᠨ ᠢᠳᠡᠪᠬᠢ ᠨᠦᠯᠦᠭᠡ ᠵᠢ ᠪᠠᠳᠠᠷᠠᠭᠤᠯᠤᠨ᠂ ᠬᠦᠷᠦᠯᠴᠡᠬᠦ ᠦᠭᠡᠢ ᠲᠠᠯ ᠠ ᠵᠢ ᠲᠡᠪᠴᠢᠪᠡᠯ ᠲᠡᠭᠦᠨ ᠳ᠋ᠤ ᠠᠴᠢᠶᠠᠯᠠᠵᠤ ᠪᠠᠢᠭᠠ ᠰᠣᠶᠣᠯ ᠤᠨ ᠠᠭᠤᠤᠯᠭᠳᠠᠬᠤᠨ ᠢ ᠬᠦᠯᠢᠶᠡᠨ ᠠᠪᠤᠭᠴᠢᠳ ᠲᠤ ᠨᠡᠩ ᠰᠠᠢᠨ ᠤᠯᠠᠮᠵᠢᠯᠠᠨ ᠲᠠᠮᠵᠢᠭᠤᠯᠵᠤ ᠴᠢᠳᠠᠨᠠ᠃ | 
            
            
                | 原文 | 
                
                    
                    查看原文
                    
                 | 
            
          
            | 出自 | 
            
              内蒙古社会科学(蒙文版)
              2021年
               第3期
             |