题名 |
ᠮᠣᠩᠭᠤᠯ ᠦᠪᠡᠷᠮᠢᠴᠡ ᠰᠣᠶᠣᠯ ᠤᠨ ᠨᠡᠷᠠᠰ ᠤᠨ ᠦᠭᠡᠰ ᠤᠨ ᠰᠠᠩ ᠤᠨ ᠬᠦᠮᠦᠷᠭᠡ ᠪᠠᠢᠭᠤᠯᠬᠤ ᠰᠣᠳᠤᠯᠭᠠᠨ |
作者 |
ᠬᠠᠢ ᠶᠢᠨ ᠬᠤᠸᠠ |
关键词 |
ᠮᠣᠩᠭᠤᠯ ᠬᠡᠯᠡ; ᠦᠪᠡᠷᠮᠢᠴᠡ ᠰᠣᠶᠣᠯ ᠤᠨᠨᠡᠷᠡᠰ; ᠦᠭᠡᠰ ᠤᠨ ᠰᠠᠩ ᠤᠨ ᠬᠦᠮᠦᠷᠭᠡ ᠶᠢᠨ ᠪᠠᠢᠭᠤᠯᠤᠯᠲᠠ |
摘要 |
ᠮᠣᠩᠭᠤᠯ ᠰᠣᠶᠣᠯ ᠤᠨ ᠴᠢᠷᠠᠭᠠ ᠬᠦᠷᠢᠶᠡᠨ ᠳ᠋ᠤ ᠲᠠᠷᠬᠠᠵᠤ ᠪᠠᠢᠭ᠎ᠠ ᠦᠪᠡᠷᠮᠢᠴᠡ ᠦᠭᠡᠰ ᠤᠨ ᠰᠠᠩ ᠢ ᠪᠦᠷᠢᠯᠳᠦᠬᠦᠯᠬᠦ ᠳ᠋ᠤ ᠤᠳᠤ ᠦᠶ ᠠ ᠶᠢᠨ ᠲᠤᠭᠠᠴᠠᠭ᠎ᠠ ᠬᠡᠯᠡ ᠰᠢᠨᠵᠢᠯᠡᠯ ᠨᠢ ᠰᠢᠨ᠎ᠠ ᠠᠷᠭ᠎ᠠ ᠲᠤᠷᠰᠢᠯᠭ᠎ᠠ ᠬᠠᠩᠭᠠᠭᠰᠠᠨ ᠶᠣᠮ᠃ ᠦᠭᠦᠯᠡᠯ ᠳ᠋ᠤ ᠮᠣᠩᠭᠤᠯ ᠦᠨᠳᠦᠰᠦᠲᠡᠨ ᠤ ᠲᠠᠪᠤᠨ ᠬᠤᠰᠢᠭᠤ ᠮᠠᠯ᠂ ᠮᠣᠩᠭᠤᠯ ᠭᠡᠷ᠂ ᠮᠣᠩᠭᠤᠯ ᠬᠤᠪᠴᠠᠰᠤ ᠲᠠᠢ ᠬᠤᠯᠪᠤᠭᠳᠠᠭᠰᠠᠨ ᠦᠪᠡᠷᠮᠢᠴᠡ ᠦᠭᠡᠰ ᠤᠨ ᠰᠠᠩ ᠢ ᠴᠤᠭᠯᠠᠭᠤᠯᠵᠤ᠂ ᠲᠡᠳᠡᠭᠡᠷ ᠤᠨ ᠬᠤᠯᠪᠤᠭᠳᠠᠬᠤ ᠰᠣᠶᠣᠯ ᠤᠨ ᠭᠤᠤᠯ ᠰᠡᠳᠦᠪ ᠢᠢᠡᠷ ᠨᠢ ᠲᠦᠷᠦᠯᠵᠢᠬᠦᠯᠵᠦ᠂ ᠦᠭᠡ ᠪᠦᠷᠢ ᠶᠢᠨ ᠬᠠᠷᠢᠶᠠᠯᠠᠭᠳᠠᠬᠤ ᠦᠭᠡᠰ ᠤᠨ ᠠᠢᠮᠠᠭ ᠢ ᠨᠢ ᠲᠤᠳᠤᠷᠬᠠᠢᠯᠠᠨ ᠲᠠᠭᠤᠳᠠᠯᠭ᠎ᠠ᠂ ᠤᠳᠬ ᠠ᠂ ᠤᠢᠷᠯᠴᠠᠭᠠ ᠦᠭᠡ᠂ ᠬᠤᠷᠢᠶ ᠠ ᠦᠭᠡ ᠬᠢᠭᠡᠳ ᠬᠠᠷᠠᠭᠠᠯᠵᠠᠭᠰᠠᠨ ᠵᠢᠱᠢᠶ ᠠ ᠵᠡᠷᠭᠡ ᠵᠢ ᠲᠤᠳᠤᠷᠬᠠᠢᠯᠠᠭᠰᠠᠨ ᠲᠠᠢᠯᠪᠤᠷᠢ ᠲᠤᠯᠢ ᠪᠠᠢᠭᠤᠯᠬᠤ ᠠᠷᠭ᠎ᠠ ᠶᠠᠪᠤᠴᠠ ᠵᠢ ᠦᠭᠦᠯᠡᠬᠦ ᠶᠢᠨ ᠬᠠᠮᠲᠤ᠂ ᠰᠦᠯᠵᠢᠶᠠᠨ ᠤ ᠡᠬᠢ ᠪᠠᠶᠠᠯᠢᠭ ᠲᠤ ᠲᠦᠰᠢᠭᠯᠡᠨ ᠬᠠᠷᠠᠭᠠᠯᠵᠠᠭᠰᠠᠨ ᠬᠡᠯᠡᠨ ᠤ ᠮᠠᠲ᠋ᠸᠷᠶᠠᠯ ᠤᠨ ᠬᠦᠮᠦᠷᠭᠡ ᠵᠢ ᠪᠠᠢᠭᠤᠯᠵᠤ᠂ ᠲᠡᠳᠡᠭᠡᠷ ᠦᠭᠡᠰ ᠤᠨ ᠰᠠᠩ ᠤᠨ ᠲᠸᠺᠰᠲ ᠲᠤ ᠬᠢ ᠲᠠᠪᠲᠠᠮᠵᠢ᠂ ᠦᠭᠡᠰ ᠤᠨ ᠠᠢᠮᠠᠭ ᠵᠡᠷᠭᠡ ᠵᠢ ᠪᠦᠷᠢᠳᠭᠡᠵᠦ ᠂ ᠲᠡᠳᠡᠭᠡᠷ ᠤᠨ ᠬᠡᠷᠡᠭᠯᠡᠭᠡᠨ ᠤ ᠪᠠᠢᠳᠠᠯ ᠢ ᠵᠠᠳᠠᠯᠤᠨ ᠬᠤᠷᠢᠶᠠᠩᠭᠤᠢᠯᠠᠪᠠ᠃ |
原文 |
查看原文
|
出自 |
内蒙古大学学报
2021年
第3期
|