题名 |
《 ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠲᠦᠷᠢᠮ》 ᠢ ᠲᠤᠭᠲᠠᠭᠠᠭᠰᠠᠨ ᠲᠡᠦᠭᠡᠨ ᠠᠬᠤᠢ ᠵᠢᠴᠢ ᠲᠡᠭᠦᠨ ᠤ ᠭᠤᠤᠯ ᠠᠭᠤᠯᠭ᠎ᠠ ᠶᠢᠨ ᠲᠤᠬᠠᠢ |
作者 |
ᠵᠢᠨ ᠠᠯᠲᠠᠨᠰᠦ᠋ᠬᠡ |
关键词 |
ᠤᠯᠠᠭᠠᠨᠮᠦ᠋ᠴᠢᠷ; ᠲᠦᠷᠢᠮ; ᠲᠡᠦᠭᠡᠨ ᠠᠬᠤᠢ |
摘要 |
《 ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠲᠦᠷᠢᠮ 》 ᠨᠢ ᠰᠢᠨ᠎ᠠ ᠴᠠᠭ ᠦᠶ ᠠ ᠶᠢᠨ ᠲᠤᠮᠲᠠᠳᠤ ᠶᠢᠨ ᠤᠨᠴᠠᠯᠢᠭ ᠪᠦᠬᠦᠢ ᠨᠡᠢᠭᠡᠮ ᠵᠢᠷᠤᠮ ᠤᠨ ᠰᠣᠶᠣᠯ ᠤᠨ ᠢᠲᠡᠭᠡᠯ᠂ ᠲᠦᠷᠦ ᠵᠢ ᠵᠠᠰᠠᠬᠤ ᠰᠢᠰᠲ᠋ᠸᠮ ᠪᠠ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢᠨ ᠪᠦᠲᠦᠭᠡᠭᠳᠡᠬᠦᠨ᠂ ᠰᠢ ᠵᠢᠨ ᠫᠢᠩ ᠶᠡᠷᠦᠩᠬᠡᠢ ᠱᠦᠵᠢ ᠶᠢᠨ ᠬᠠᠢᠷ ᠠ ᠬᠠᠮᠠᠵᠢ ᠪᠠ ᠵᠢᠭᠠᠪᠤᠷᠢ᠂ ᠦᠪᠦᠷ ᠮᠣᠩᠭᠤᠯ ᠤᠨ ᠦᠪᠡᠷᠲᠡᠭᠡᠨ ᠵᠠᠰᠠᠬᠤᠤ ᠷᠤᠨ ᠤ ᠤᠯᠠᠨ ᠨᠡᠢᠲᠡ ᠶᠢᠨ ᠰᠣᠶᠣᠯ ᠤᠨ ᠦᠯᠡᠴᠢᠯᠡᠭᠡᠨ ᠤ ᠰᠢᠰᠲ᠋ᠸᠮ ᠤᠨ ᠲᠡᠭᠦᠯᠲᠡᠷᠵᠢᠯᠲᠡ ᠶᠢᠨ ᠬᠠᠤᠯᠢ ᠲᠦᠷᠢᠮᠵᠢᠯ ᠤᠨ ᠪᠤᠳᠠᠳᠠᠢ ᠢᠯᠡᠷᠡᠯ ᠮᠦᠨ᠃ ᠲᠤᠰ 《 ᠲᠦᠷᠢᠮ 》ᠨᠢ ᠨᠡᠢᠲᠡ 27 ᠵᠦᠢᠯ ᠵᠤᠷᠪᠤᠰ ᠡᠴᠡ ᠪᠦᠷᠢᠯᠳᠦᠵᠦ᠂ ᠤᠯᠠᠭᠠᠨᠮᠦ᠋ᠴᠢᠷ ᠢ ᠡᠭᠦᠰᠭᠡᠨ ᠪᠠᠢᠭᠤᠯᠬᠤ ᠪᠠ ᠪᠦᠲᠦᠭᠡᠨ ᠴᠣᠭᠴᠠᠯᠠᠬᠤ᠂ ᠬᠦᠭᠵᠢᠬᠦᠯᠬᠦ᠂ ᠬᠠᠮᠠᠭᠠᠯᠠᠬᠤ ᠪᠠ ᠬᠠᠮᠢᠶᠠᠷᠬᠤ ᠵᠡᠷᠭᠡ ᠬᠡᠳᠦᠨ ᠲᠠᠯ ᠠ ᠳ᠋ᠤ ᠬᠤᠯᠢ ᠴᠠᠭᠠᠵᠠ ᠶᠢᠨ ᠪᠠᠳᠤᠯᠭ᠎ᠠ ᠵᠢ ᠬᠠᠩᠭᠠᠵᠠᠢ᠃ |
原文 |
查看原文
|
出自 |
内蒙古社会科学(蒙文版)
2021年
第4期
|