| 题名 | 
                ᠰᠢᠨᠠ ᠴᠠᠭ ᠦᠶ ᠡ ᠳ᠋ᠤ ᠦᠪᠦᠷ ᠮᠣᠩᠭᠤᠯ ᠤᠨ ᠦᠨᠳᠦᠰᠦᠲᠡᠨ ᠤ ᠪᠦᠯᠬᠦᠮᠲᠡᠯ ᠢ ᠪᠡᠬᠢᠵᠢᠬᠦᠯᠦᠨ ᠬᠦᠭᠵᠢᠬᠦᠯᠬᠦ ᠲᠤᠬᠠᠢ ᠦᠭᠦᠯᠡᠬᠦ ᠨᠢ | 
            
            
                | 作者 | 
                ᠶᠢᠩ ᠭᠸ | 
            
            
                | 关键词 | 
                ᠨᠠᠮ ᠤᠨ ᠤᠳᠤᠷᠢᠳᠤᠯᠭᠠ;ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠢᠭᠤᠯᠤᠯ; ᠦᠨᠳᠦᠰᠦᠲᠡᠨ ᠤ ᠪᠦᠯᠬᠦᠮᠳᠡᠯ | 
            
            
                | 摘要 | 
                ᠦᠪᠦᠷ ᠮᠣᠩᠭᠤᠯ ᠪᠤᠯ ᠮᠠᠨ ᠤ ᠤᠯᠤᠰ ᠤᠨ ᠬᠠᠮᠤᠭ ᠤᠨ ᠡᠷᠲᠡ ᠪᠠᠢᠭᠤᠯᠤᠭᠳᠠᠭᠰᠠᠨ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠪᠠᠢᠵᠤ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠲᠠᠢ ᠶᠣᠮ᠃ ᠤᠯᠤᠰ ᠤᠨ ᠬᠠᠮᠤᠭ ᠤᠨ ᠲᠡᠭᠡᠳᠦ ᠠᠰᠢᠭ ᠲᠤᠰᠠ ᠪᠤᠯᠤᠨ ᠦᠨᠳᠦᠰᠦᠲᠡᠨ ᠤ ᠪᠦᠯᠬᠦᠮᠳᠡᠯ ᠤᠨ ᠶᠠᠬᠠ ᠲᠠᠯ ᠠ ᠵᠢ ᠬᠠᠮᠠᠭᠠᠯᠠᠬᠤ ᠪᠤᠯ  ᠦᠪᠦᠷ ᠮᠣᠩᠭᠤᠯ ᠤᠨ ᠡᠭᠦᠷᠭᠡᠯᠡᠵᠦ ᠪᠠᠢᠭᠠ ᠤᠯᠤᠰ ᠤᠨ ᠬᠠᠷᠢᠭᠤᠴᠠᠯᠭᠠ ᠪᠤᠯᠬᠤ ᠪᠦᠭᠡᠳ ᠪᠠᠰᠠ ᠴᠦ ᠦᠪᠦᠷ ᠮᠣᠩᠭᠤᠯ ᠤᠨ ᠦᠨᠳᠦᠰᠦᠲᠡᠨ ᠨᠣᠭᠦᠳ ᠤᠨ ᠠᠷᠠᠳ ᠲᠦᠮᠡᠨ ᠤ ᠬᠠᠮᠲᠤ ᠶᠢᠨ ᠬᠦᠭᠡᠭᠡᠴᠡᠯᠳᠦᠯ ᠪᠠ ᠬᠦᠰᠡᠯ ᠡᠷᠡᠮᠡᠯᠵᠠᠯ ᠪᠤᠯᠤᠨᠠ᠃ ᠦᠪᠦᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠦᠢᠯᠡᠰ ᠢ ᠲᠦᠯᠬᠢᠨ ᠠᠬᠢᠭᠤᠯᠤᠭᠰᠠᠨ ᠠᠷᠭᠠ ᠭᠡᠮᠵᠢᠶ ᠠ ᠪᠤᠯᠤᠨ ᠲᠤᠷᠰᠢᠯᠭᠠ ᠵᠢ ᠳ᠋ᠦᠩᠨᠡᠪᠡᠯ᠂ ᠨᠠᠮ ᠤᠨᠪᠠᠲᠤ ᠴᠢᠩᠭᠠ ᠤᠳᠤᠷᠢᠳᠤᠯᠭᠠ ᠪᠤᠯ ᠦᠨᠳᠦᠰᠦᠨ ᠪᠠᠲᠤᠯᠠᠭᠠ᠂ ᠦᠨᠳᠦᠰᠦᠨᠳᠡᠨ ᠨᠣᠭᠦᠳ ᠤᠨ ᠬᠠᠮᠲᠤ ᠪᠡᠷ ᠴᠡᠴᠡᠭᠯᠡᠨ ᠬᠦᠭᠵᠢᠬᠦ ᠵᠢ ᠠᠬᠢᠭᠤᠯᠬᠤ ᠪᠤᠯ ᠪᠠᠲᠤ ᠪᠡᠬᠢ ᠰᠠᠭᠤᠷᠢ᠂ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠢᠭᠤᠯᠤᠯ ᠢ ᠪᠠᠷᠢᠮᠲᠠᠯᠠᠨ ᠲᠡᠭᠦᠯᠳᠡᠷᠵᠢᠬᠦᠯᠬᠦ ᠪᠤᠯ ᠪᠠᠢᠭᠤᠯᠤᠯ ᠤᠨ ᠪᠠᠲᠤᠯᠠᠭᠠ᠂ ᠡᠯ ᠠ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠤᠷᠤᠨ ᠢ ᠪᠠᠢᠭᠤᠯᠬᠤ ᠪᠤᠯ ᠤᠶᠤᠨ ᠤ ᠬᠤᠯᠪᠤᠭᠠᠰᠤ ᠪᠤᠯᠬᠤ ᠶᠣᠮ᠃ | 
            
            
                | 原文 | 
                
                    
                    查看原文
                    
                 | 
            
          
            | 出自 | 
            
              内蒙古社会科学(蒙文版)
              2021年
               第5期
             |