摘要 |
ᠦᠭᠦᠯᠡᠯ ᠳ᠋ᠤ2400 ᠵᠢᠯ ᠤᠨ ᠡᠮᠦᠨ᠎ᠠ ᠡᠷᠳᠡᠨ ᠤ ᠭᠸᠷᠢᠭ ᠡᠴᠡ ᠡᠭᠦᠰᠦᠯ ᠲᠠᠢ ᠬᠦᠴᠦᠷᠭᠡᠭ ᠶᠡᠬᠡ ᠡᠷᠲᠡᠮ ᠰᠢᠨᠵᠢᠯᠡᠭᠡᠨ ᠤ ᠰᠠᠯᠪᠤᠷᠢ ᠵᠢᠴᠢ ᠭᠡᠷᠡᠭᠯᠡᠬᠦᠷ ᠪᠤᠯᠤᠭᠰᠠᠨ ᠨᠠᠢᠷᠠᠭᠤᠯᠭ᠎ᠠ ᠵᠦᠢ ᠶᠢᠨ ᠲᠡᠦᠭᠡᠨ ᠶᠠᠪᠤᠴᠠ ᠵᠢ ᠲᠠᠬᠢᠨ ᠮᠦᠷᠳᠡᠵᠦ᠂ ᠲᠡᠭᠦᠨ ᠤ ᠤᠯᠠᠷᠢᠯ ᠬᠦᠭᠵᠢᠯ ᠤᠨ ᠶᠠᠪᠤᠴᠠ ᠳ᠋ᠤ ᠪᠠᠨ ᠡᠸᠦ᠋ᠷᠦᠫᠡ ᠶᠢᠨ ᠡᠯ ᠠ ᠤᠯᠤᠰ ᠤᠨ ᠦᠭᠡ ᠬᠡᠯᠡ ᠵᠢ ᠬᠡᠷᠬᠢᠨ ᠲᠦᠷᠢᠮᠵᠢᠭᠦᠯᠦᠭᠰᠡᠨ ᠲᠤᠬᠠᠢ ᠲᠠᠪᠳᠠᠨ ᠦᠭᠦᠯᠡᠪᠡ᠃ ᠡᠭᠦᠨ ᠳ᠋ᠤ ᠭᠤᠤᠯᠳᠠᠭᠤ ᠨᠠᠢᠷᠠᠭᠤᠯᠭ᠎ᠠ ᠵᠦᠢ ᠶᠢᠨ ᠶᠠᠫᠤᠨ ᠤᠯᠤᠰ ᠲᠤ ᠬᠦᠯᠢᠶᠡᠨ ᠠᠪᠤᠭᠳᠠᠵᠤ ᠨᠢᠭᠡᠨ ᠵᠡᠷᠭᠡ ᠬᠦᠭᠵᠢᠭᠰᠡᠨ ᠠᠳᠠᠯ ᠪᠠᠨ ᠶᠠᠭᠠᠬᠢᠭᠠᠳ ᠭᠡᠨᠡᠳᠳᠡ ᠪᠠᠭᠤᠷᠠᠨ ᠤᠰᠠᠳᠤᠭᠰᠠᠨ ᠪᠠ ᠨᠠᠢᠷᠠᠭᠤᠯᠭ᠎ᠠ ᠵᠦᠢ ᠨᠢ ᠲᠤᠮᠳᠠᠳᠤ ᠤᠯᠤᠰ ᠤᠨ ᠡᠯ ᠠ ᠶᠡᠬᠡ ᠲᠡᠭᠡᠳᠦ ᠰᠤᠷᠭᠠᠭᠤᠯᠢ ᠳ᠋ᠤ ᠨᠢᠭᠡᠨ ᠴᠢᠬᠤᠯᠠ ᠬᠢᠴᠢᠶᠡᠯ ᠲᠦᠷᠦᠯ ᠪᠤᠯᠵᠤ᠂ ᠬᠢᠲᠠᠳ ᠬᠡᠯᠡᠨ ᠤ ᠤᠳᠤᠬᠢᠴᠢᠯᠠᠯ ᠪᠠ ᠲᠦᠷᠢᠮᠵᠢᠬᠦᠯᠦᠯ ᠤᠨ ᠶᠠᠪᠤᠴᠠ ᠵᠢ ᠲᠦᠯᠬᠢᠨ ᠠᠬᠢᠭᠤᠯᠤᠭᠰᠠᠨ ᠶᠣᠮ᠃ |