摘要 |
ᠪᠠᠭᠠᠲᠤᠷᠯᠢᠭ ᠦᠯᠢᠭᠡᠷ ᠭᠡᠵᠦ ᠪᠠᠭᠠᠲᠤᠷᠯᠢᠭ ᠲᠤᠤᠯᠢ ᠲᠠᠢ ᠨᠡᠯᠢᠶᠡᠳ ᠠᠳᠠᠯᠢᠪᠲᠤᠷ ᠦᠯᠢᠭᠡᠷ ᠮᠣᠩᠭ᠋ᠤᠯᠴᠤᠳ ᠪᠠ ᠠᠽᠢᠶ᠎ᠠ ᠶᠢᠨ ᠣᠯᠠᠨ ᠦᠨᠳᠦᠰᠦᠲᠡᠨ ᠦ ᠳᠤᠮᠳᠠ ᠦᠷᠭᠡᠨ ᠲᠠᠷᠬᠠᠵᠤ ᠪᠠᠢ᠌ᠳᠠᠭ᠃ ᠡᠢ᠌ᠮᠦᠷᠭᠦᠦ ᠦᠯᠢᠭᠡᠷ ᠦᠨ ᠭᠠᠷᠤᠯ ᠡᠭᠦᠰᠦᠯ ᠢ ᠡᠷᠳᠡᠮᠲᠡᠳ ᠶᠠᠩᠵᠤ ᠪᠦᠷᠢ ᠪᠡᠷ ᠬᠠᠷᠢᠭᠤᠯᠳᠠᠭ ᠪᠢᠯᠡ᠃ ᠵᠤᠬᠢᠶᠠᠭᠴᠢ᠂ ᠬᠠᠯᠢᠮᠠᠭ ᠤᠨ ᠪᠠᠭᠠᠲᠤᠷᠯᠢᠭ ᠦᠯᠢᠭᠡᠷ ᠢ ᠰᠠᠢ᠌ᠲᠤᠷ ᠰᠢᠨᠵᠢᠯᠡᠵᠦ ᠬᠠᠯᠢᠮᠠᠭ ᠪᠠᠭᠠᠲᠤᠷᠯᠢᠭ ᠦᠯᠢᠭᠡᠷ ᠦᠨ ᠨᠢᠭᠡ ᠬᠡᠰᠡᠭ ᠨᠢ ᠡᠷᠲᠡᠨ ᠦ ᠰᠢᠳᠢᠲᠦ ᠦᠯᠢᠭᠡᠷ ᠡᠴᠡ ᠢᠷᠡᠯᠲᠡᠢ᠂ ᠨᠢᠭᠡ ᠬᠡᠰᠡᠭ ᠨᠢ ᠪᠠᠭᠠᠲᠤᠷᠯᠢᠭ ᠲᠤᠤᠯᠢ ᠠᠴᠠ ᠢᠷᠡᠯᠲᠡᠢ ᠭᠡᠵᠦ ᠦᠵᠡᠭᠰᠡᠨ ᠪᠠᠢ᠌ᠨ᠎ᠠ᠃ ᠬᠠᠯᠢᠮᠠᠭ ᠲᠤ ᠪᠠᠭᠠᠲᠤᠷᠯᠢᠭ ᠦᠯᠢᠭᠡᠷ ᠣᠯᠠᠨ ᠪᠠᠢ᠌ᠵᠤ ᠪᠠᠭᠠᠲᠤᠷᠯᠢᠭ ᠲᠤᠤᠯᠢ ᠴᠦᠬᠡᠨ ᠪᠤᠯᠤᠭᠰᠠᠨ ᠲᠤᠬᠠᠢ ᠰᠤᠳᠤᠯᠵᠤ᠂ 《ᠵᠢᠩᠭ᠋ᠠᠷ》 ᠨᠢ ᠦᠵᠡᠯ ᠰᠠᠨᠠᠭ᠎ᠠ᠂ ᠤᠷᠠᠯᠢᠭ ᠢᠶᠠᠷ ᠢᠶᠠᠨ ᠬᠠᠯᠢᠮᠠᠭᠴᠤᠳ ᠢ ᠬᠦᠴᠦᠲᠡᠢ ᠨᠦᠯᠦᠭᠡᠯᠡᠵᠦ ᠪᠠᠢ᠌ᠭᠰᠠᠨ ᠴᠤ ᠬᠠᠯᠢᠮᠠᠭᠴᠤᠳ ᠤᠨ ᠨᠠᠰᠢ ᠴᠠᠰᠢ ᠨᠡᠭᠦᠳᠡᠯᠯᠡᠬᠦ ᠶᠠᠪᠤᠴᠠ ᠳᠤ ᠲᠤᠤᠯᠢᠴᠢ ᠴᠦᠬᠡᠷᠡᠭᠰᠡᠨ ᠵᠡᠷᠭᠡ ᠰᠢᠯᠲᠠᠭᠠᠨ ᠠᠴᠠ ᠪᠤᠯᠤᠯ᠎ᠠ ᠭᠡᠬᠦ ᠰᠠᠨᠠᠯ ᠢᠶᠠᠨ ᠳᠡᠪᠰᠢᠭᠦᠯᠵᠡᠢ᠃ |