摘要 |
ᠮᠠᠯ ᠡᠮᠨᠡᠯᠭᠡ ᠶᠢᠨ ᠨᠡᠷ ᠠ ᠲᠤᠮᠢᠶ ᠠ ᠭᠡᠳᠡᠭ ᠨᠢ ᠮᠠᠯ ᠡᠮᠨᠡᠯᠭᠡ ᠶᠢᠨ ᠲᠤᠰᠬᠠᠢ ᠤᠬᠠᠭᠳᠠᠬᠤᠨ ᠢ ᠨᠡᠷᠡᠯᠡᠨ ᠮᠠᠯ ᠡᠮᠨᠡᠯᠭᠡ ᠶᠢᠨ ᠲᠤᠰᠬᠠᠢ ᠮᠡᠷᠭᠡᠵᠢᠯ ᠤᠨ ᠬᠦᠷᠢᠶ ᠡ ᠬᠡᠪᠴᠢᠶᠡᠨ ᠳ᠋ᠤ ᠣᠨᠴᠠ ᠪᠠᠢᠳᠠᠭ ᠨᠢᠭᠡ ᠪᠦᠯᠦᠭ ᠦᠭᠡ ᠵᠢ ᠬᠡᠯᠡᠨ᠎ᠠ᠃ ᠦᠭᠦᠯᠡᠯ ᠳ᠋ᠤ ᠬᠡᠯᠡ ᠰᠢᠨᠵᠢᠯᠡᠯ ᠤᠨ ᠤᠨᠤᠯ ᠪᠠ ᠠᠷᠭ᠎ᠠ ᠶᠢᠨ ᠡᠭᠦᠳᠡᠨ ᠡᠴᠡ ᠮᠠᠯ ᠡᠮᠨᠡᠯᠭᠡ ᠶᠢᠨ ᠮᠣᠩᠭᠤᠯ ᠨᠡᠷ ᠠ ᠲᠤᠮᠢᠶ ᠠ ᠳ᠋ᠦ ᠰᠢᠨᠵᠢᠯᠡᠭ ᠡᠬᠢᠵᠦ᠂ ᠲᠡᠷᠡ ᠨᠢ ᠬᠡᠳᠦᠢᠪᠡᠷ ᠮᠠᠯ ᠡᠮᠨᠡᠯᠭᠡ ᠶᠢᠨ ᠲᠤᠰᠬᠠᠢ ᠮᠡᠷᠭᠡᠵᠢᠯ ᠤᠨ ᠢᠪᠴᠤᠤ ᠬᠡᠪᠴᠢᠶᠠᠨ ᠳ᠋ᠤ ᠬᠡᠷᠭᠡᠯᠡᠭᠳᠡᠬᠦ ᠪᠤᠯᠪᠠᠴᠤ ᠮᠣᠩᠭᠤᠯ ᠨᠡᠷ ᠠ ᠲᠤᠮᠢᠶᠠᠨ ᠤ ᠪᠦᠷᠢᠯᠳᠦᠬᠦᠨ ᠬᠡᠳᠰᠡᠭ ᠪᠤᠯᠤᠭᠰᠠᠨ ᠤ ᠬᠤᠪᠢ ᠳ᠋ᠤ ᠮᠦᠨ ᠴᠦ ᠮᠣᠩᠭᠤᠯ ᠨᠡᠷ ᠠ ᠲᠤᠮᠢᠶ ᠠ ᠪᠦᠲᠦᠭᠡᠬᠦ ᠵᠠᠷᠴᠢᠮ ᠪᠠ ᠠᠷᠭ᠎ᠠ ᠵᠢ ᠪᠠᠷᠢᠮᠲᠠᠯᠠᠵᠤ᠂ ᠤᠷᠤᠨ ᠨᠤᠲᠤᠭᠴᠢ ᠴᠢᠠᠨᠷ᠂ ᠰᠢᠨᠵᠢᠯᠡᠬᠦ ᠤᠬᠠᠭᠠᠨᠴᠢ ᠴᠢᠠᠨᠷ᠂ ᠲᠡᠯᠡᠭᠡᠢ ᠨᠡᠢᠲᠡᠴᠢ ᠰᠢᠨᠵᠢ ᠵᠢ ᠬᠠᠷᠠᠭᠤᠯᠵᠠᠢ ᠭᠡᠵᠦ ᠦᠵᠡᠪᠡ᠃ |