摘要 |
ᠮᠠᠨ ᠤ ᠤᠯᠤᠰ ᠤᠨ ᠮᠣᠩᠭᠤᠯ ᠠᠷᠠᠳ ᠤᠨ ᠠᠮᠠᠨ ᠵᠤᠬᠢᠶᠠᠯ ᠤᠨᠪ ᠰᠣᠳᠤᠯᠤᠯ ᠤᠨ ᠵᠢᠩᠬᠢᠨᠢ ᠦᠷᠨᠢᠯ ᠪᠠᠳᠠᠷᠠᠯ ᠭᠡᠪᠡᠯ ᠲᠤᠮᠳᠠᠳᠤ ᠤᠯᠤᠰ ᠪᠠᠢᠭᠤᠯᠤᠭᠳᠠᠭᠰᠠᠨ ᠡᠴᠡ ᠨᠠᠰᠢᠬᠢ ᠶᠠᠪᠤᠳᠠᠯ ᠪᠣᠯᠤᠨ᠎ᠠ᠃ ᠭᠡᠪᠡᠴᠦ ᠡᠷᠲᠡ ᠲᠡᠭᠡᠳᠦ ᠦᠶ ᠠ ᠶᠢᠨ ᠮᠣᠩᠭᠤᠯᠴᠤᠳ ᠴᠦ ᠭᠡᠰᠡᠨ ᠦᠪᠡᠷ ᠤᠨ ᠠᠮᠠᠨ ᠵᠤᠬᠢᠶᠠᠯ ᠢᠢᠡᠨ ᠠᠩᠬᠠᠷᠤᠨ ᠨᠢᠭᠲᠠᠯᠠᠵᠤ ᠪᠠᠢᠭᠰᠠᠨ ᠶᠣᠮ᠃《 ᠮᠣᠩᠭᠤᠯ ᠤᠨ ᠨᠢᠭᠤᠴᠠ ᠲᠣᠪᠴᠢᠶᠠᠨ》 ᠳ᠋ᠤ ᠨᠢᠭᠡᠳᠦᠭᠰᠡᠨ ᠮᠣᠩᠭᠤᠯ ᠤᠨ ᠬᠠᠨᠠᠭᠲᠤ ᠲᠦᠷᠦ ᠪᠠᠢᠭᠤᠯᠤᠭᠳᠠᠬᠤ ᠡᠴᠡ ᠬᠣᠯᠠ ᠡᠷᠲᠡ ᠳ᠋ᠤ ᠮᠣᠩᠭᠤᠯ ᠤᠨ ᠣᠯᠠᠨ ᠠᠢᠮᠠᠭ ᠤᠨ ᠲᠤᠮᠲᠠ ᠤᠯᠠᠮᠵᠢᠯᠠᠭᠳᠠᠨ ᠲᠡᠯᠭᠡᠷᠡᠵᠦ ᠪᠠᠢᠭᠰᠠᠨ ᠷᠳᠦᠢ ᠲᠡᠳᠦᠢ ᠲᠤᠮᠤᠭ ᠦᠯᠢᠭᠡᠷ ᠢ ᠪᠠᠭᠲᠠᠭᠠᠭᠰᠨ᠋ᠠ ᠲᠡᠳᠦᠢ ᠦᠭᠡᠢ᠂ ᠠᠮᠠᠨ ᠵᠤᠬᠢᠶᠠᠯ ᠤᠨ ᠰᠢᠮ ᠠ ᠲᠡᠵᠢᠭᠡᠯ ᠬᠦᠷᠲᠡᠭᠰᠡᠨ ᠪᠠᠢᠭ᠎ᠠ ᠨᠢ ᠲᠤᠬᠠᠢ ᠶᠢᠨ ᠦᠶ ᠠ ᠶᠢᠨ ᠮᠣᠩᠭᠤᠯᠴᠤᠳ ᠤᠨ ᠦᠪᠡᠷ ᠤᠨ ᠠᠮᠠᠨ ᠵᠤᠬᠢᠶᠠᠯ ᠤᠨ ᠦᠪ ᠤᠯᠠᠮᠵᠢᠯᠠᠯ ᠢᠢᠡᠨ ᠬᠡᠴᠢᠨᠡᠨ ᠬᠦᠨᠳᠦᠳᠭᠡᠵᠦ ᠪᠠᠢᠭᠰᠠᠨ ᠭᠡᠭᠴᠢ ᠵᠢ ᠭᠡᠷᠡᠴᠢᠯᠡᠵᠦ ᠪᠠᠢᠨ᠎ᠠ᠃ |