论文信息


题名 《ᠱᠦᠢ ᠬᠤ ᠵᠣᠸᠠᠨ》 ᠪᠢᠴᠢᠭ ᠤᠨ ᠭᠤᠷᠪᠠᠨ ᠵᠦᠢᠯ ᠤᠨ ᠮᠣᠩᠭᠤᠯ ᠣᠷᠴᠢᠭᠤᠯᠭ᠎ᠠ ᠶᠢᠨ ᠲᠡᠪᠲᠡᠷ ᠢ ᠬᠠᠷᠢᠴᠠᠭᠤᠯᠤᠨ ᠰᠢᠨᠵᠢᠯᠡᠬᠦ ᠨᠢ- ᠣᠷᠴᠢᠭᠤᠯᠭ᠎ᠠ ᠶᠢᠨ ᠠᠷᠭ᠎ᠠ ᠵᠠᠷᠴᠢᠮ ᠤᠨ ᠲᠤᠭᠤᠷᠢᠨ ᠳ᠋ᠤ
作者 ᠴᠢ ᠵᠢ
关键词 《 ᠱᠦᠢ ᠬᠣ ᠵᠤᠸᠠᠨ》ᠪᠢᠴᠢᠭ︔ ᠮᠣᠩᠭᠤᠯ ᠣᠷᠴᠢᠭᠤᠯᠭ᠎ᠠ︔ ᠬᠠᠷᠢᠴᠠᠭᠤᠯᠤᠭᠰᠠᠨ ᠰᠢᠨᠵᠢᠯᠡᠯ
摘要 ᠴᠢᠩ ᠤᠯᠤᠰ ᠤᠨ ᠦᠶ ᠡ ᠳ᠋ᠤ《 ᠱᠦᠢ ᠬᠣ ᠵᠤᠸᠠᠨ》 ᠪᠢᠴᠢᠭ ᠮᠣᠩᠭᠤᠯᠴᠤᠳ ᠤᠨ ᠲᠤᠷ ᠠ ᠰᠣᠨᠢᠷᠬᠠᠯ ᠢ ᠶᠡᠬᠡ ᠪᠡᠷ ᠲᠠᠲᠠᠵᠤ ᠮᠣᠩᠭᠤᠯ ᠬᠡᠯᠡᠨ ᠳ᠋ᠤ ᠣᠯᠠᠨ ᠤᠳᠠᠭ᠎ᠠ ᠤᠷᠴᠢᠭᠤᠯᠤᠭᠳᠠᠪᠠ᠃ᠣᠳᠤ ᠤᠯᠤᠰ ᠤᠨ ᠲᠣᠳᠤᠭᠠᠲᠤ ᠭᠠᠳᠠᠭᠠᠲᠤ ᠳ᠋ᠤ《 ᠱᠦᠢ ᠬᠣ ᠵᠤᠸᠠᠨ》 ᠪᠢᠴᠢᠭ ᠤᠨ ᠣᠯᠠᠨ ᠵᠦᠢᠯ ᠤᠨ ᠮᠣᠩᠭᠤᠯ ᠣᠷᠴᠢᠭᠤᠯᠭ᠎ᠠ ᠶᠢᠨ ᠲᠡᠪᠲᠡᠷ ᠲᠠᠷᠬᠠᠨ ᠬᠠᠳᠠᠭᠠᠯᠠᠭᠳᠠᠵᠤ ᠪᠤᠢ᠃ ᠦᠪᠦᠷ ᠮᠣᠩᠭᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠨᠣᠮ ᠤᠨ ᠰᠠᠩ᠂ ᠦᠪᠦᠷ ᠮᠣᠩᠭᠤᠯ ᠤᠨ ᠬᠡᠡᠬ ᠰᠤᠷᠭᠠᠭᠤᠯᠢ ᠶᠢᠨ ᠨᠣᠮ ᠤᠨ ᠰᠠᠩ ᠪᠣᠯᠤᠨ ᠮᠣᠩᠭᠤᠯ ᠤᠯᠤᠰ ᠤᠨ ᠤᠯᠤᠰ ᠤᠨ ᠨᠣᠮ ᠤᠨ ᠰᠠᠩ ᠳ᠋ᠤ ᠬᠠᠳᠠᠭᠠᠯᠠᠭᠳᠠᠵᠤ ᠪᠠᠢᠭ᠎ᠠ ᠭᠤᠷᠪᠠᠨ ᠵᠦᠢᠯ ᠤᠨ《 ᠱᠦᠢ ᠬᠣ ᠵᠤᠸᠠᠨ》ᠪᠢᠴᠢᠭ ᠤᠨ ᠮᠣᠩᠭᠤᠯ ᠣᠷᠴᠢᠭᠤᠯᠭ᠎ᠠ ᠶᠢᠨ ᠲᠡᠪᠲᠡᠷ ᠢ ᠤᠭ ᠵᠤᠬᠢᠶᠠᠯ ᠲᠠᠢ ᠲᠤᠯᠭᠠᠨ ᠦᠵᠡᠪᠡᠯ᠂ ᠣᠷᠴᠢᠭᠤᠯᠭ᠎ᠠ ᠶᠢᠨ ᠠᠷᠭ᠎ᠠ ᠵᠠᠷᠴᠢᠮ ᠤᠨ ᠲᠠᠯ ᠠ ᠪᠡᠷ ᠲᠤᠰ ᠪᠦᠷᠢ ᠶᠢᠨ ᠦᠪᠡᠷᠮᠢᠴᠡ ᠣᠨᠴᠠᠯᠢᠭ ᠲᠠᠢ᠃《 ᠱᠦᠢ ᠬᠣ ᠵᠤᠸᠠᠨ》 ᠪᠢᠴᠢᠭ ᠤᠨ ᠮᠣᠩᠭᠤᠯ ᠣᠷᠴᠢᠭᠤᠯᠭ᠎ᠠ ᠶᠢᠨ ᠲᠡᠪᠲᠡᠷ ᠤᠨ ᠬᠠᠷᠢᠴᠠᠭᠤᠯᠤᠭᠰᠠᠨ ᠰᠣᠳᠤᠯᠭᠠᠨ ᠨᠢ ᠮᠣᠩᠭᠤᠯ ᠣᠷᠴᠢᠭᠤᠯᠭ᠎ᠠ ᠶᠢᠨ ᠤᠷᠠᠨ ᠵᠤᠬᠢᠶᠠᠯ ᠤᠨ ᠰᠣᠳᠤᠯᠤᠯ᠂ ᠦᠨᠳᠦᠰᠦᠲᠡᠨ ᠤ ᠤᠳᠬ ᠠ ᠵᠤᠬᠢᠶᠠᠯ ᠤᠨ ᠬᠠᠷᠢᠯᠴᠠᠭ᠎ᠠ ᠰᠣᠳᠤᠯᠤᠯ ᠳ᠋ᠤ ᠴᠢᠬᠤᠯᠠ ᠠᠴᠢ ᠬᠣᠯᠪᠤᠭᠳᠠᠯ ᠲᠠᠢ᠃
原文 没有原文
出自 内蒙古社会科学(蒙文版) 2022年 第4期

联系我们


内蒙古大学图书馆
呼和浩特市大学西路235号
中国·内蒙古
P: (0471) 4992561
E: huangfeilong@imu.edu.cn