题名 |
ᠲᠠᠢᠴᠢᠩ ᠤᠯᠤᠰ ᠤᠨ ᠰᠡᠭᠦᠯᠴᠢ ᠢᠷᠭᠡᠨ ᠤ ᠤᠯᠤᠰ ᠤᠨ ᠡᠬᠢᠨ ᠤ ᠦᠶ ᠡ ᠶᠢᠨ ᠪᠠᠭᠠᠷᠢᠨ ᠬᠤᠶᠠᠷ ᠬᠤᠰᠢᠭᠤᠨ ᠤ ᠨᠤᠲᠤᠭ ᠤᠰᠤ ᠬᠢᠭᠡᠳ ᠨᠤᠲᠤᠭ ᠤᠨ ᠵᠠᠭᠠᠭ ᠬᠤᠪᠢᠶᠠᠨ ᠲᠤᠭᠲᠠᠭᠠᠭᠰᠠᠨ ᠲᠤᠬᠠᠢ |
作者 |
ᠡᠭᠦᠯᠡᠰ︔ ᠤᠶᠤᠨᠲᠤ |
关键词 |
ᠪᠠᠭᠠᠷᠢᠨ ᠬᠤᠶᠠᠷ ᠬᠤᠰᠢᠭᠤ︔ ᠨᠤᠲᠤᠭ ᠤᠨ ᠵᠢᠷᠤᠭ︔ ᠨᠤᠲᠤᠭ ᠤᠨ ᠵᠠᠭᠠᠭ |
摘要 |
ᠲᠤᠰ ᠦᠭᠦᠯᠡᠯ ᠳ᠋ᠤ ᠬᠣᠯᠪᠤᠭᠳᠠᠯ ᠪᠦᠬᠦᠢ ᠰᠣᠳᠤᠯᠭᠠᠨ ᠲᠡᠭᠡᠷ ᠠ ᠲᠠᠢᠴᠢᠩ ᠤᠯᠤᠰ ᠤᠨ ᠰᠡᠭᠦᠯᠴᠢ ᠶᠢᠨ ᠦᠶ ᠡ᠂ ᠢᠷᠭᠡᠨ ᠤᠯᠤᠰ ᠤᠨ ᠡᠬᠢᠨ ᠤ ᠦᠶ ᠠ ᠶᠢᠨ ᠰᠣᠷᠪᠤᠯᠵᠢ ᠪᠢᠴᠢᠭ᠂ ᠮᠣᠩᠭᠤᠯ ᠨᠤᠲᠤᠭ ᠤᠨ ᠵᠢᠷᠤᠭ ᠪᠠ ᠨᠤᠲᠤᠭ ᠤᠨ ᠵᠠᠭᠠᠭ ᠬᠤᠪᠢᠶᠠᠭᠰᠠᠨ ᠵᠢᠷᠤᠭ ᠵᠡᠷᠭᠡ ᠵᠢ ᠠᠰᠢᠭᠯᠠᠵᠤ᠂ ᠬᠡᠭᠡᠷ ᠠ ᠶᠢᠨ ᠰᠢᠨᠵᠢᠯᠡᠭᠡᠨ ᠲᠠᠢ ᠤᠶᠠᠯᠳᠤᠭᠤᠯᠤᠨ ᠪᠠᠭᠠᠷᠢᠨ ᠬᠤᠶᠠᠷ ᠬᠤᠰᠢᠭᠤᠨ ᠤ ᠨᠤᠲᠤᠭ ᠤᠨ ᠵᠠᠭᠠᠭ ᠢ ᠡᠮᠬᠢᠯᠡᠵᠦ᠂ ᠬᠤᠶᠠᠷ ᠬᠤᠰᠢᠭᠤᠨ ᠤ ᠨᠤᠭᠤᠲ ᠤᠨ ᠵᠠᠭᠠᠭ ᠲᠤᠭᠲᠠᠭᠠᠭᠰᠠᠨ ᠵᠠᠷᠴᠢᠮ ᠢ ᠰᠢᠨᠵᠢᠯᠡᠬᠦ ᠶᠢᠨ ᠲᠤᠭᠤ ᠨᠤᠲᠤᠭ ᠤᠨ ᠵᠠᠭᠠᠭ ᠲᠤᠭᠲᠠᠭᠠᠭᠰᠠᠨ ᠤ ᠲᠠᠷᠠᠭᠠᠬᠢ ᠬᠤᠶᠠᠷ ᠬᠤᠰᠢᠭᠤᠨ ᠤ ᠬᠢᠯᠢ ᠶᠢᠨ ᠵᠠᠭᠠᠭ ᠤᠨ ᠵᠢᠷᠤᠭ ᠢ ᠰᠡᠷᠭᠦᠭᠡᠨ ᠵᠢᠷᠤᠪᠠ᠃ ᠲᠠᠢᠴᠢᠩ ᠤᠯᠤᠰ ᠤᠨ ᠦᠶ ᠠ ᠶᠢᠨ ᠪᠠᠭᠠᠷᠢᠨ ᠬᠤᠶᠠᠷ ᠬᠤᠰᠢᠭᠤᠨ ᠤ ᠨᠤᠲᠤᠭ ᠶᠡᠬᠡ ᠲᠦᠯᠦᠪ ᠣᠳᠤ ᠶᠢᠨ ᠪᠠᠭᠠᠷᠢᠨ ᠪᠠᠷᠠᠭᠤᠨ ᠬᠤᠰᠢᠭᠤ᠂ ᠯᠢᠨᠰᠢ ᠰᠢᠶᠠᠨ ᠤ ᠪᠦᠬᠦᠲᠡᠨ ᠨᠤᠲᠤᠭ᠂ ᠪᠠᠭᠠᠷᠢᠨ ᠵᠡᠬᠦᠨ ᠬᠤᠰᠢᠭᠤ(ᠤᠯᠠᠭᠠᠨᠲᠠᠪᠠᠭᠠ ᠰᠣᠮᠤ ᠪᠠᠭᠲᠠᠬᠤ ᠦᠭᠡᠢ)᠂ ᠠᠷᠤ ᠬᠣᠷᠴᠢᠨ ᠬᠤᠰᠢᠭᠤᠨ ᠤ ᠱᠤᠸᠠᠩ ᠱᠸᠩ ᠪᠠᠯᠭᠠᠰᠤ ᠶᠢᠨ ᠬᠡᠰᠡᠭ ᠢ ᠪᠠᠭᠲᠠᠭᠠᠨ᠎ᠠ᠃ |
原文 |
没有原文
|
出自 |
内蒙古大学学报
2023年
第2期
|