题名 |
《 ᠨᠢᠭᠡ ᠪᠦᠰᠡ ᠨᠢᠭᠡ ᠵᠠᠮ》 ᠤᠨ ᠠᠬᠤᠢ ᠪᠠᠢᠳᠠᠯ ᠳ᠋ᠡᠬᠢ ᠶᠡᠬᠡ ᠳᠡᠭᠡᠲᠦ ᠰᠤᠷᠭᠠᠭᠤᠯᠢ ᠶᠢᠨ ᠴᠢᠳᠠᠪᠤᠷᠢᠲᠠᠨ ᠢ ᠬᠦᠮᠦᠵᠢᠬᠦᠯᠬᠦ ᠠᠷᠭ᠎ᠠ ᠵᠠᠮ ᠤᠨ ᠰᠣᠳᠤᠯᠤᠯ |
作者 |
ᠸᠠᠩ ᠵᠢᠩ |
关键词 |
《 ᠨᠢᠭᠡ ᠪᠦᠰᠡ ᠨᠢᠭᠡ ᠵᠠᠮ》︔ ᠴᠢᠳᠠᠪᠤᠷᠢᠲᠠᠨ︔ ᠬᠦᠮᠦᠵᠢᠬᠦᠯᠬᠦ ᠠᠷᠭ᠎ᠠ ᠵᠠᠮ |
摘要 |
《 ᠨᠢᠭᠡ ᠪᠦᠰᠡ ᠨᠢᠭᠡ ᠵᠠᠮ》 ᠤᠨ ᠳᠤᠷᠠᠳᠤᠯᠭ᠎ᠠ ᠨᠢ ᠮᠠᠨ ᠤ ᠤᠯᠤᠰ ᠡᠴᠡ ᠪᠦᠬᠦ ᠪᠦᠮᠪᠦᠷᠴᠡᠭ ᠤᠨ ᠬᠦᠭᠵᠢᠯᠲᠡ᠂ ᠤᠯᠤᠰ ᠤᠨ ᠳᠤᠲᠤᠭᠠᠲᠤ ᠶᠢᠨ ᠪᠣᠳᠠᠳᠤ ᠪᠠᠢᠳᠠᠯ ᠢ ᠦᠨᠳᠦᠰᠦᠯᠡᠨ ᠲᠤᠷᠠᠳᠤᠭᠰᠠᠨ ᠴᠢᠬᠤᠯᠠ ᠶᠡᠬᠡ ᠲᠦᠷᠦ ᠶᠢᠨ ᠪᠤᠳᠤᠯᠭ᠎ᠠ ᠪᠤᠯᠬᠤ ᠶᠤᠮ᠃《 ᠨᠢᠭᠡ ᠪᠦᠰᠡ ᠨᠢᠭᠡ ᠵᠠᠮ》 ᠤᠨᠪᠦᠲᠦᠭᠡᠨ ᠪᠠᠢᠭᠤᠯᠤᠯᠲᠠ ᠨᠢ ᠴᠢᠳᠠᠪᠤᠷᠢᠲᠠᠨ ᠢ ᠬᠦᠮᠦᠵᠢᠬᠦᠯᠬᠦ ᠲᠤᠯᠭᠠᠮ ᠱᠠᠭᠠᠷᠳᠠᠯᠭ᠎ᠠ ᠲᠠᠢ᠂ ᠡᠢᠮᠦ ᠡᠴᠡ ᠶᠡᠬᠡ ᠳᠡᠭᠡᠳᠦ ᠰᠤᠷᠭᠠᠭᠤᠯᠢ ᠨᠢ ᠴᠠᠭ ᠲᠤᠬᠢᠶᠠᠯ ᠢ ᠠᠳᠬᠤᠨ᠂ ᠨᠡᠢᠯᠡᠮᠡᠯ ᠰᠢᠨᠵᠢᠲᠦ᠂ ᠰᠢᠨ᠎ᠠ ᠵᠢ ᠡᠭᠦᠳᠬᠦ ᠰᠢᠨᠵᠢᠲᠦ᠂ ᠬᠠᠮᠢᠶᠠᠷᠤᠯᠲᠠ ᠶᠢᠨ ᠰᠢᠨᠵᠢᠲᠦ᠂ ᠤᠯᠠᠨ ᠤᠯᠤᠰᠴᠢᠯᠠᠭᠰᠠᠨ ᠰᠢᠨᠵᠢᠲᠦ ᠴᠢᠳᠠᠪᠤᠷᠢᠲᠠᠨ ᠢ ᠬᠦᠮᠦᠵᠢᠬᠦᠯᠬᠦ ᠪᠡᠷ ᠬᠠᠷᠠᠯᠲᠠ ᠪᠠᠨ ᠪᠣᠯᠭᠠᠨ᠂ ᠤᠯᠤᠰ ᠤᠷᠤᠨ ᠤ ᠨᠡᠢᠭᠡᠮ ᠤᠨ ᠬᠦᠭᠵᠢᠯᠡᠳᠡ ᠶᠢᠨ ᠪᠤᠳᠠᠳᠤ ᠪᠠᠢᠳᠠᠯ ᠲᠠᠢ ᠤᠶᠠᠯᠳᠤᠭᠤᠯᠤᠨ᠂ ᠰᠤᠷᠭᠠᠨ ᠬᠦᠮᠦᠵᠢᠯ ᠤᠨ ᠬᠣᠯᠪᠤᠭ᠎ᠠ ᠵᠢ ᠪᠠᠢᠭᠤᠯᠵᠤ᠂ ᠴᠢᠳᠠᠪᠤᠷᠢᠲᠠᠨ ᠢ ᠬᠦᠮᠦᠵᠢᠬᠦᠯᠬᠦ ᠡᠬᠢ ᠪᠠᠶᠠᠯᠢᠭ ᠢ ᠨᠢᠭᠡᠳᠦᠯᠲᠡᠢ ᠲᠦᠯᠦᠪᠯᠡᠨ᠂ ᠰᠢᠰᠲ᠋ᠸᠮᠲᠤ ᠰᠡᠳᠬᠢᠬᠦᠢ ᠪᠡᠷ ᠴᠢᠳᠠᠪᠤᠷᠢᠲᠠᠨ ᠢ ᠬᠦᠮᠦᠵᠢᠬᠦᠯᠬᠦ ᠲᠦᠰᠦᠪ ᠢ ᠲᠤᠭᠲᠠᠭᠠᠨ᠂ ᠶᠡᠷᠦᠩᠬᠡᠢᠢᠯᠡᠭᠰᠡᠨ ᠦᠭᠡᠷᠡᠴᠢᠯᠡᠯᠲᠡ ᠵᠢ ᠬᠦᠨᠵᠡᠭᠡᠢᠢᠷᠡᠬᠦᠯᠵᠦ᠂ ᠴᠢᠳᠠᠪᠤᠷᠢᠲᠠᠨ ᠤ ᠬᠢᠷᠢ ᠲᠦᠪᠰᠢᠨ ᠢ ᠲᠡᠭᠡᠭᠰᠢᠯᠡᠬᠦᠯᠦᠨ᠂ 《 ᠨᠢᠭᠡ ᠪᠦᠰᠡ ᠨᠢᠭᠡ ᠵᠠᠮ》 ᠤᠨ ᠪᠦᠲᠦᠭᠡᠨ ᠪᠠᠢᠭᠤᠯᠤᠯᠲᠠ ᠳ᠋ᠤ ᠦᠢᠯᠡᠴᠢᠯᠡᠭᠡ ᠬᠠᠩᠭᠠᠬᠤ ᠬᠡᠷᠡᠭᠲᠡᠢ᠃ |
原文 |
没有原文
|
出自 |
内蒙古社会科学(蒙文版)
2023年
第1期
|