| 摘要 |
《 ᠤᠶᠢᠨ ᠦᠰᠦᠭ》 ᠪᠤᠯ ᠳᠠᠭᠤᠷ ᠦᠨᠳᠦᠰᠦᠲᠡᠨ ᠤ ᠠᠷᠠᠳ ᠲᠦᠮᠡᠨ ᠤ ᠠᠮᠢᠳᠤᠷᠠᠯ ᠲᠡᠮᠡᠴᠡᠯ ᠤᠨ ᠲᠤᠷᠰᠢᠯᠭ᠎ᠠ ᠰᠤᠷᠭᠠᠮᠵᠢ ᠶᠢᠨ ᠳ᠋ᠦᠩᠨᠡᠯᠲᠡ ᠪᠦᠭᠡᠳ ᠤᠶᠤᠨ ᠤᠬᠠᠭᠠᠨ ᠤ ᠲᠦᠪᠯᠡᠷᠡᠩᠬᠦᠢ ᠢᠯᠡᠷᠡᠯ ᠪᠠᠢᠵᠤ᠂ ᠳᠠᠭᠤᠷᠴᠤᠳ ᠤᠨ ᠦᠪ ᠰᠣᠶᠤᠯ ᠤᠨ ᠡᠷᠳᠡᠨᠢᠰ ᠤᠨ ᠰᠠᠩ ᠳ᠋ᠤ ᠴᠢᠬᠤᠯ ᠪᠠᠢᠷᠢ ᠰᠠᠭᠤᠷᠢ ᠲᠠᠢ᠂ ᠦᠪᠡᠷᠮᠢᠴᠡ ᠣᠨᠴᠠᠯᠢᠭ ᠲᠠᠢ᠂ ᠭᠡᠷᠡᠯ ᠭᠢᠯᠪᠠᠭ᠎ᠠ ᠰᠠᠴᠤᠷᠠᠭᠰᠠᠨ ᠨᠢᠭᠡᠨ ᠰᠣᠶᠤᠯ ᠪᠤᠯᠤᠨ᠎ᠠ᠃ ᠲᠤᠰ ᠦᠭᠦᠯᠠᠯ ᠳ᠋ᠤ ᠳᠠᠭᠤᠷ ᠦᠨᠳᠦᠰᠦᠲᠡᠨ ᠤ ᠦᠭᠡ ᠬᠡᠯᠡᠯᠭᠡ ᠶᠢᠨ ᠮᠠᠲ᠋ᠸᠷᠢᠶᠠᠯ ᠳ᠋ᠤ ᠰᠠᠭᠤᠷᠢᠯᠠᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠤᠯ ᠤᠨ ᠪᠦᠷᠢᠯᠳᠦᠬᠦᠨ ᠪᠤᠯᠤᠭᠰᠠᠨ ᠳᠠᠭᠤᠷ ᠦᠨᠳᠦᠰᠦᠲᠡᠨ ᠤ 《 ᠤᠶᠢᠨ ᠦᠰᠦᠭ》 ᠢ ᠲᠠᠨᠢᠯᠴᠠᠭᠤᠯᠬᠤ ᠶᠢᠨ ᠳᠠᠭᠤ ᠲᠡᠭᠦᠨ ᠤ ᠰᠣᠶᠤᠯ ᠤᠨ ᠦᠷᠲᠡᠭ ᠤᠨ ᠲᠤᠬᠠᠢ ᠲᠠᠪᠤᠨ ᠲᠠᠯ ᠠ ᠪᠡᠷ ᠲᠤᠷᠰᠢᠨ ᠦᠭᠦᠯᠡᠭᠰᠡᠨ ᠪᠠᠢᠨ᠎ᠠ᠃ |