题名 |
ᠮᠣᠩᠭᠤᠯ ᠵᠦᠴᠦᠭᠡ ᠶᠢᠨ ᠠᠶᠠᠯᠭᠤ ᠬᠦᠭᠵᠢᠮ ᠦᠨ ᠵᠤᠬᠢᠶᠠᠨ ᠪᠦᠲᠦᠭᠡᠯᠲᠡ ᠶᠢᠨ ᠲᠤᠬᠠᠢ ᠦᠵᠡᠯᠲᠡ ᠨᠦᠬᠦᠳ |
作者 |
ᠤᠯᠠᠭᠠᠨ |
关键词 |
ᠮᠣᠩᠭᠤᠯ ᠵᠦᠴᠦᠭᠡ; ᠠᠶᠠᠯᠭᠤ ᠬᠦᠭᠵᠢᠮ; ᠵᠤᠬᠢᠶᠠᠨ ᠪᠦᠲᠦᠭᠡᠯᠲᠡ |
摘要 |
ᠮᠣᠩᠭᠤᠯ ᠵᠦᠴᠦᠭᠡ ᠶᠢᠨ ᠡᠭᠦᠳᠦᠨ ᠪᠦᠲᠦᠭᠡᠯᠲᠡ ᠳᠦ ᠠᠶᠠᠯᠭᠤ ᠬᠦᠭᠵᠢᠮ ᠦᠨ ᠵᠤᠬᠢᠶᠠᠨ ᠪᠦᠲᠦᠭᠡᠯᠲᠡ ᠨᠢ ᠴᠢᠬᠤᠯᠠ ᠬᠡᠰᠡᠭ ᠪᠤᠯᠳᠠᠭ᠃ ᠲᠡᠷᠡ ᠨᠢ ᠠᠶ᠎ᠠ ᠳᠠᠭᠤᠤ ᠠᠶᠠᠯᠭᠤ ᠬᠦᠭᠵᠢᠮ ᠢᠶᠡᠷ ᠵᠦᠴᠦᠭᠡ ᠶᠢᠨ ᠳᠦᠷᠢ ᠶᠢ ᠪᠦᠲᠦᠭᠡᠳᠡᠭ᠃ ᠵᠦᠴᠦᠭᠡ ᠶᠢᠨ ᠦᠵᠡᠭᠴᠢᠳ ᠵᠦᠪᠬᠡᠨ ᠵᠦᠴᠦᠭᠡ ᠶᠢᠨ ᠠᠭᠤᠯᠭ᠎ᠠ ᠶᠢ ᠰᠤᠨᠢᠷᠬᠠᠬᠤ ᠲᠡᠳᠦᠢ ᠪᠢᠰᠢ᠂ ᠠᠶ᠎ᠠ ᠳᠠᠭᠤᠤ ᠠᠶᠠᠯᠭᠤ ᠬᠦᠭᠵᠢᠮ ᠨᠢ ᠮᠦᠨ ᠰᠤᠨᠢᠷᠬᠠᠯ ᠤᠨ ᠭᠤᠤᠯ ᠴᠤᠭᠴᠠ ᠪᠤᠯᠵᠤ ᠪᠠᠢᠳᠠᠭ᠃ ᠢᠩᠭᠢᠬᠦ ᠪᠡᠷ ᠳᠠᠭᠤᠯᠠᠯᠲᠤ ᠵᠦᠴᠦᠭᠡ ᠶᠢᠨ ᠳᠠᠢᠰᠠᠨ ᠤ ᠤᠷᠠᠯᠢᠭ ᠲᠤ ᠠᠶ᠎ᠠ ᠳᠠᠭᠤᠤ᠂ ᠠᠶᠠᠯᠭᠤ ᠬᠦᠭᠵᠢᠮ ᠦᠨ ᠤᠶᠠᠩᠭᠠᠯᠢᠭ ᠰᠠᠢᠬᠠᠨ ᠡᠰᠡᠭᠦ ᠨᠢ ᠵᠦᠴᠦᠭᠡ ᠲᠤᠭᠯᠠᠯᠲᠠ ᠶᠢᠨ ᠠᠮᠵᠢᠯᠲᠠ ᠣᠯᠬᠤ ᠡᠰᠡᠭᠦ ᠶᠢ ᠨᠦᠯᠦᠭᠡᠯᠡᠬᠦ ᠴᠢᠬᠤᠯᠠ ᠡᠯᠧᠮᠧᠨ᠋ᠲ ᠪᠤᠯᠤᠨ᠎ᠠ᠃ ᠮᠣᠩᠭᠤᠯ ᠵᠦᠴᠦᠭᠡ ᠶᠢᠨ ᠵᠤᠬᠢᠶᠠᠯᠴᠢ᠂ ᠰᠢᠭᠦᠮᠵᠢᠯᠡᠭᠴᠢ ᠡᠴᠡ ᠠᠶᠠᠯᠭᠤ ᠬᠦᠭᠵᠢᠮ ᠦᠨ ᠡᠭᠦᠳᠦᠨ ᠪᠦᠲᠦᠭᠡᠯᠲᠡ ᠶᠢᠨ ᠲᠤᠬᠠᠢ ᠨᠡᠢᠳᠡᠮ ᠳᠡᠭᠡᠨ ᠠᠩᠬᠠᠷᠤᠨ᠂ ᠣᠯᠠᠨ ᠲᠠᠯ ᠠ ᠶᠢᠨ ᠦᠵᠡᠯᠲᠡ ᠰᠠᠨᠠᠭᠤᠯᠭ᠎ᠠ᠂ ᠪᠤᠳᠠᠲᠠᠢ ᠠᠵᠢᠯᠯᠠᠭᠠᠨ ᠤ ᠵᠠᠷᠴᠢᠮ ᠢ ᠳᠤᠷᠠᠳᠤᠭᠰᠠᠨ ᠪᠦᠭᠡᠳ ᠠᠵᠢᠯ ᠤᠨ ᠳᠤᠮᠳᠠ ᠲᠤᠤᠱᠯᠠᠭᠤᠯᠤᠭᠰᠠᠭᠠᠷ ᠢᠷᠡᠪᠡ᠃ ᠡᠨᠡ ᠬᠦ ᠦᠵᠡᠯᠲᠡ ᠲᠠᠨᠢᠯᠲᠠ ᠶᠢᠨ ᠳᠤᠲᠤᠭᠠᠳᠤ ᠵᠢᠮ᠎ᠡ ᠶᠤᠰᠤ ᠪᠦᠬᠦᠢ ᠵᠦᠢᠯᠡᠰ ᠢ ᠰᠦᠪᠡᠭᠴᠢᠯᠡᠨ ᠭᠠᠷᠭᠠᠬᠤ ᠨᠢ ᠮᠣᠩᠭᠤᠯ ᠵᠦᠴᠦᠭᠡ ᠶᠢᠨ ᠲᠡᠭᠦᠯᠳᠡᠷᠵᠢᠯ ᠬᠦᠭᠵᠢᠯ ᠳᠦ ᠠᠭᠢᠭᠤᠯᠬᠤ ᠬᠦᠴᠦᠨ ᠪᠤᠯᠬᠤ ᠨᠢ ᠯᠠᠪᠲᠠᠢ ᠶᠤᠮ᠃ |
原文 |
查看原文
|
出自 |
中国蒙古学
2015年
第1期
|