摘要 |
ᠤᠳᠠᠭᠠᠨ ᠵᠢᠯ ᠦᠨ ᠮᠠᠯᠵᠢᠬᠤ ᠨᠡᠭᠦᠳᠡᠯ ᠦᠨ ᠠᠮᠢᠳᠤᠷᠠᠯ ᠤᠨ ᠶᠠᠪᠤᠴᠠ ᠳᠤ ᠮᠤᠨᠭᠭᠤᠯᠴᠤᠳ ᠠᠮᠢ ᠠᠬᠤᠢ ᠶᠢᠨ ᠵᠤᠬᠢᠴᠠᠯ ᠤᠨ ᠵᠦᠢ ᠶᠤᠰᠤ ᠶᠢ ᠲᠠᠨᠢᠵᠤ᠂ ᠪᠠᠶᠢᠭᠠᠯᠢ ᠶᠢᠨ ᠡᠬᠢ ᠪᠠᠶᠠᠯᠢᠭ ᠢ ᠵᠤᠬᠢᠰᠲᠠᠢ ᠠᠰᠢᠭᠯᠠᠬᠤ ᠲᠤᠬᠠᠢ ᠤᠬᠠᠮᠰᠠᠷᠲᠤ ᠠᠵᠢᠯᠯᠠᠭ᠎ᠠ ᠪᠠᠨ ᠦᠪᠡᠷᠰᠡᠳ ᠦᠨ ᠵᠠᠩ ᠦᠢᠯᠡ᠂ ᠬᠠᠤᠯᠢ ᠴᠠᠭᠠᠵᠠ ᠪᠠ ᠴᠡᠭᠡᠷ ᠶᠤᠰᠤᠨ ᠳᠠᠭᠠᠨ ᠠᠭᠤᠰᠬᠠᠨ᠂ ᠠᠮᠢ ᠠᠬᠤᠢ ᠶᠢᠨ ᠵᠤᠬᠢᠴᠠᠯ ᠢ ᠬᠠᠮᠠᠭᠠᠯᠠᠬᠤ ᠶᠢ ᠡᠷᠬᠢᠮᠯᠡᠭᠰᠡᠭᠡᠷ ᠢᠷᠡᠵᠡᠢ᠃ ᠡᠷᠲᠡᠨ ᠦ ᠮᠤᠨᠭᠭᠤᠯᠴᠤᠳ ᠤᠨ ᠤᠷᠤᠰᠬᠠᠯ ᠤᠰᠤ᠂ ᠬᠦᠷᠦᠰᠦ ᠰᠢᠷᠦᠢ᠂ ᠡᠪᠡᠰᠦ ᠤᠷᠭᠤᠮᠠᠯ᠂ ᠤᠢ ᠮᠤᠳᠤ᠂ ᠠᠷᠢᠶᠠᠲᠠᠨ ᠠᠮᠢᠲᠠᠨ ᠢ ᠬᠠᠶᠢᠷᠠᠯᠠᠨ ᠬᠠᠮᠠᠭᠠᠯᠠᠵᠤ ᠪᠠᠶᠢᠭᠰᠠᠨ ᠵᠠᠩ ᠦᠢᠯᠡ ᠪᠡ ᠲᠡᠳᠡᠨᠦᠰ ᠦᠨ ᠠᠮᠢ ᠠᠬᠤᠢ ᠶᠢᠨ ᠵᠤᠬᠢᠴᠠᠯ ᠢ ᠬᠠᠮᠠᠭᠠᠯᠠᠬᠤ ᠤᠬᠠᠮᠰᠠᠷ ᠨᠢ ᠤᠳᠤᠬᠠᠨ ᠳᠤ ᠪᠠᠶᠢᠭᠠᠯᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠡᠭᠡᠭᠡᠨ ᠠᠰᠢᠭᠯᠠᠬᠤ ᠪᠠ ᠠᠮᠢ ᠠᠬᠤᠢ ᠶᠢᠨ ᠡᠪᠳᠡᠭᠳᠡᠯ ᠢ ᠰᠡᠷᠭᠦᠭᠡᠬᠦ ᠦᠢᠯᠡᠰ ᠲᠦ ᠳᠦᠷᠢᠮ ᠪᠤᠯᠬᠤ ᠤᠴᠢᠷ ᠲᠠᠢ᠃ |