摘要 |
ᠮᠠᠨ ᠤ《ᠦᠪᠦᠷ ᠮᠣᠩᠭᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠡᠷᠲᠡᠮ ᠰᠢᠨᠵᠢᠯᠡᠭᠡᠨ ᠤ ᠰᠡᠳᠬᠦᠯ》 ᠤᠨ ᠮᠣᠩᠭᠤᠯ ᠬᠢᠲᠡᠳ ᠨᠡᠢᠭᠡᠮ ᠤᠨ ᠰᠢᠨᠵᠢᠯᠡᠬᠦ ᠤᠬᠠᠭᠠᠨ ᠤ ᠬᠡᠪᠯᠡᠯ ᠨᠢ 1958 ᠣᠨ ᠳᠤ ᠡᠬᠢᠯᠡᠵᠦ ᠬᠡᠪᠯᠡᠭᠳᠡᠭᠰᠡᠨ ᠪᠢᠯᠡ᠃ ᠳᠦᠭᠡ ᠬᠡᠪᠯᠡᠯ ᠡᠬᠢᠯᠡᠭᠡᠳ ᠨᠢᠭᠡᠨᠲᠡ ᠭᠤᠴᠢᠨ ᠲᠠᠪᠤᠨ ᠵᠢᠯ ᠤᠨ ᠨᠢᠭᠤᠷ ᠢᠢᠡᠨ ᠦᠵᠡᠵᠦ ᠪᠤᠢ᠃ ᠭᠤᠴᠢᠨ ᠲᠠᠪᠤᠨ ᠵᠢᠯ ᠤᠨ ᠲᠤᠰᠢ᠂ ᠢᠯᠠᠩᠭᠤᠶ ᠠ ᠨᠠᠮ ᠤᠨ ᠠᠷᠪᠠᠨ ᠨᠢᠭᠡᠳᠦᠭᠡᠷ ᠤᠳᠠᠭᠠᠨ ᠤ ᠶᠡᠬᠡ ᠬᠤᠷᠠᠯ ᠤᠨ ᠭᠤᠷᠪᠠᠳᠤᠭᠠᠷ ᠪᠦᠬᠦᠳᠡ ᠬᠤᠷᠠᠯᠳᠤᠭᠠᠨ ᠡᠴᠡ ᠨᠠᠰᠢ᠂ ᠮᠠᠨ ᠤ ᠰᠡᠳᠬᠦᠯ ᠤᠨ ᠴᠢᠨᠠᠷ ᠴᠢᠨᠰᠠᠭ᠎ᠠ ᠲᠠᠰᠤᠷᠠᠰᠢ ᠦᠭᠡᠢ ᠲᠡᠭᠡᠭᠰᠢᠯᠡᠭᠰᠡᠭᠡᠷ ᠢᠷᠡᠯ ᠠ᠃ ᠬᠤᠢᠰᠢᠲᠠ ᠶᠢᠨ ᠠᠰᠠᠭᠤᠳᠠᠯ ᠭᠡᠪᠡᠯ᠂ ᠤᠤᠯ ᠰᠡᠳᠭᠦᠯ ᠤᠨ ᠤᠭ ᠤᠨ ᠰᠠᠭᠤᠷᠢᠨ ᠲᠡᠭᠡᠷ ᠡ ᠨᠢ ᠤᠯᠠᠮ ᠴᠢᠨᠠᠷᠵᠢᠭᠤᠯᠬᠤ ᠳ᠋ᠤ ᠣᠷᠤᠰᠢᠨ᠎ᠠ᠃ |