题名 |
ᠪᠢᠴᠢᠭ᠌ ᠦᠰᠦᠭ ᠦᠨ ᠲᠠᠯ᠎ᠠ ᠪᠠᠷ ᠨᠡᠭᠦᠳᠡᠯᠴᠢᠳ ᠦᠨ ᠬᠤᠷᠠᠮᠳᠤᠭᠤᠯᠤᠭᠰᠠᠨ ᠲᠤᠷᠰᠢᠯᠭ᠎ᠠ |
作者 |
〔ᠮᠤᠨᠭᠭᠤᠯ〕ᠯ᠂ ᠪᠤᠯᠤᠳ |
关键词 |
ᠨᠡᠭᠦᠳᠡᠯᠴᠢᠳ; ᠪᠢᠴᠢᠭ᠌ ᠦᠰᠦᠭ; ᠬᠤᠷᠠᠮᠳᠤᠭᠤᠯᠤᠭᠰᠠᠨ ᠲᠤᠷᠰᠢᠯᠭ᠎ᠠ |
摘要 |
ᠤᠯᠠᠩᠭᠢ ᠰᠤᠳᠤᠯᠤᠭᠴᠢᠳ ᠤᠨ ᠦᠵᠡᠵᠦ ᠪᠠᠶᠢᠭ᠎ᠠ ᠪᠠᠷ ᠦᠰᠦᠭ ᠪᠢᠴᠢᠭ᠌ ᠪᠤᠯ ᠲᠤᠬᠠᠢ ᠶᠢᠨ ᠦᠨᠳᠰᠦᠦᠲᠡᠨ ᠦ ᠬᠡᠯᠡᠨ ᠦ ᠲᠤᠳᠤᠷᠬᠠᠢ ᠦᠶ᠎ᠡ ᠶᠢ ᠬᠤᠵᠢᠮ ᠤᠨ ᠦᠶ᠎ᠡ ᠲᠡᠢ ᠨᠢ ᠬᠤᠯᠪᠤᠬᠤ ᠬᠡᠷᠡᠭᠯᠡᠭᠦᠷ᠂ ᠪᠠᠰᠠ ᠨᠡᠶᠢᠭᠡᠮ ᠢ ᠨᠢᠭᠲᠠᠷᠠᠭᠤᠯᠬᠤ ᠴᠢᠬᠤᠯᠠ ᠬᠦᠴᠦᠨ ᠵᠤᠶᠢᠯ ᠪᠤᠯᠳᠠᠭ ᠠᠵᠢ᠃ ᠡᠭᠦᠨ ᠢ ᠡᠷᠲᠡ ᠤᠬᠠᠭᠠᠷᠠᠭᠰᠠᠨ ᠮᠠᠨ ᠤ ᠡᠪᠦᠭᠡ ᠳᠡᠭᠡᠳᠦᠰ ᠦᠪᠡᠷ ᠦᠨ ᠬᠡᠯᠡᠨ ᠳᠡᠭᠡᠨ ᠲᠤᠬᠢᠷᠠᠭᠰᠠᠨ ᠪᠢᠴᠢᠭ᠌ ᠦᠰᠦᠭ ᠦᠨ ᠰᠢᠰᠲ᠋ᠧᠮ ᠢ ᠪᠤᠯᠪᠠᠰᠷᠠᠭᠤᠯᠬᠤ ᠲᠠᠯ ᠠ ᠪᠠᠷ ᠪᠠᠭ᠎ᠠ ᠦᠭᠡᠢ ᠲᠤᠷᠰᠢᠯᠭ᠎ᠠ ᠬᠤᠷᠠᠮᠳᠤᠭᠤᠯᠵᠤ ᠢᠷᠡᠭᠰᠡᠨ ᠪᠢᠯᠡ᠃ 《ᠲᠠᠯ ᠠ ᠶᠢᠨ ᠨᠤᠲᠤᠭ ᠤᠨ ᠰᠤᠶᠤᠯ》᠋ ᠤᠨ ᠨᠢᠭᠡ ᠴᠢᠬᠤᠯᠠ ᠪᠦᠷᠢᠯᠳᠦᠭᠦᠨ ᠬᠡᠰᠡᠭ ᠪᠤᠯᠤᠭᠰᠠᠨ ᠪᠢᠴᠢᠭ᠌ ᠦᠰᠦᠭ ᠦᠨ ᠲᠠᠯ᠎ᠠ ᠪᠠᠷ ᠬᠢ ᠨᠡᠭᠦᠳᠡᠯᠴᠢᠳ ᠦᠨ ᠬᠤᠷᠠᠮᠳᠤᠭᠤᠯᠤᠭᠰᠠᠨ ᠡᠨᠡ ᠲᠤᠷᠰᠢᠯᠭ᠎ᠠ ᠨᠢ ᠵᠦᠪᠬᠡᠨ ᠰᠢᠨᠵᠢᠯᠡᠬᠦ ᠤᠬᠠᠭᠠᠨ ᠤ ᠬᠤᠪᠢ ᠳᠤ ᠰᠤᠨᠢᠷᠬᠠᠯᠲᠠᠢ ᠲᠡᠳᠦᠢ ᠦᠭᠡᠢ᠂ 《ᠪᠦᠬᠦ ᠨᠡᠶᠢᠲᠡ ᠪᠡᠷ ᠢᠶᠡᠨ ᠪᠢᠴᠢᠭ᠌ ᠦᠰᠦᠭᠲᠡᠨ ᠪᠤᠯᠬᠤ ᠨᠢᠭᠡᠲᠦᠭᠰᠡᠨ ᠦᠨᠳᠦᠰᠦᠲᠡᠨ ᠦ ᠪᠠᠶᠢᠭᠤᠯᠭ᠎ᠠ ᠶᠢᠨ ᠠᠷᠪᠠᠨ ᠵᠢᠯ (2002 — 2012)》᠋ ᠤᠨ ᠬᠦᠷᠢᠶᠡᠨ ᠳᠦ ᠬᠠᠮᠢᠶᠠᠷᠤᠭᠤᠯᠤᠨ ᠦᠵᠡᠪᠡᠯ ᠪᠠᠰᠠ ᠫᠠᠷᠠᠺᠲ᠋ᠢᠭ ᠤᠨ ᠶᠡᠬᠡᠬᠡᠨ ᠠᠴᠢ ᠬᠤᠯᠪᠤᠭᠳᠠᠯ ᠲᠠᠢ ᠭᠡᠳᠡᠭ ᠢ ᠲᠡᠮᠳᠡᠭᠯᠡᠬᠦ ᠬᠡᠷᠡᠭᠲᠡᠢ ᠪᠠᠶᠢᠨ᠎ᠠ᠃ |
原文 |
查看原文
|
出自 |
中国蒙古学
2010年
第4期
|