题名 |
ᠵᠡᠭᠦᠨ ᠣᠷᠤᠨ ᠤ ᠮᠣᠩᠭᠤᠯᠴᠤᠳ ᠤᠨ ᠱᠠᠰᠢᠨ ᠰᠢᠲᠦᠯᠭᠡ ᠶᠢᠨ ᠣᠳᠣᠬᠢ ᠪᠠᠢᠳᠠᠯ ᠤᠨ ᠪᠠᠢᠴᠠᠭᠠᠨ ᠵᠠᠳᠠᠯᠤᠯᠲᠠ — ᠠᠷᠪᠠᠨ ᠬᠤᠶᠠᠷ ᠭᠠᠴᠠᠭ᠎ᠠ᠂ ᠭᠤᠷᠪᠠᠨ ᠰᠦᠮ᠎ᠡ ᠳᠦ ᠬᠢᠭᠰᠡᠨ ᠬᠡᠭᠡᠷ᠎ᠡ ᠶᠢᠨ ᠰᠢᠨᠵᠢᠯᠡᠭᠡᠨ |
作者 |
ᠮᠧᠢ ᠬᠤᠸᠠ |
关键词 |
ᠵᠡᠭᠦᠨ ᠣᠷᠤᠨ ᠤ ᠮᠣᠩᠭᠤᠯᠴᠤᠳ; ᠱᠠᠰᠢᠨ ᠰᠢᠲᠦᠯᠭᠡ; ᠣᠳᠣᠬᠢ ᠪᠠᠢᠳᠠᠯ |
摘要 |
ᠬᠡᠭᠡᠷ᠎ᠡ ᠶᠢᠨ ᠰᠢᠨᠵᠢᠯᠡᠭᠡᠨ ᠦ ᠪᠠᠢᠴᠠᠭᠠᠯᠲᠠ ᠶᠢ ᠦᠨᠳᠦᠰᠦᠯᠡᠪᠡᠯ ᠵᠡᠭᠦᠨ ᠣᠷᠤᠨ ᠤ ᠮᠣᠩᠭᠤᠯᠴᠤᠳ ᠤᠨ ᠰᠢᠲᠦᠵᠦ ᠪᠠᠢᠭ᠎ᠠ ᠱᠠᠰᠢᠨ ᠤ ᠬᠤᠪᠢ ᠳᠤ᠂ ᠪᠤᠷᠬᠠᠨ ᠤ ᠱᠠᠰᠢᠨ ᠢᠶᠠᠷ ᠭᠤᠤᠯᠳᠠᠵᠤ᠂ ᠣᠯᠠᠨ ᠱᠠᠰᠢᠨ ᠤ ᠰᠢᠲᠦᠭᠡᠨ ᠪᠡ ᠵᠠᠩ ᠦᠢᠯᠡ ᠶᠢ ᠰᠢᠩᠭᠡᠭᠡᠭᠰᠡᠨ ᠨᠡᠢᠯᠡᠭ ᠰᠢᠨᠵᠢ ᠲᠡᠢ ᠬᠤᠪᠢᠷᠠᠯᠲᠠ ᠡᠭᠦᠰᠴᠦ ᠪᠠᠢᠭ᠎ᠠ ᠪᠦᠭᠡᠳ ᠪᠤᠰᠤᠳ ᠱᠠᠰᠢᠨ ᠤ ᠵᠠᠩᠭᠢᠯᠠᠭ᠎ᠠ ᠶᠢᠨ ᠴᠢᠨᠠᠷᠲᠠᠢ ᠨᠡᠷᠡᠰ ᠦᠭᠡ ᠶᠢ ᠤᠳᠬ᠎ᠠ ᠬᠤᠪᠢᠷᠠᠭᠤᠯᠤᠨ ᠰᠢᠯᠵᠢᠭᠦᠯᠦᠨ ᠬᠡᠷᠡᠭᠯᠡᠬᠦ ᠪᠡᠷ ᠳᠠᠮᠵᠢᠨ ᠦᠪᠡᠷ ᠦᠨ ᠱᠠᠰᠢᠨ ᠤ ᠪᠠᠨ ᠨᠡᠷ᠎ᠡ ᠨᠦᠯᠦᠭᠡ ᠶᠢ ᠬᠡᠬᠡᠰᠬᠡᠬᠦ ᠠᠷᠭ᠎ᠠ ᠬᠡᠯᠪᠡᠷᠢ ᠪᠤᠯᠭᠠᠵᠤ ᠪᠠᠢᠭ᠎ᠠ ᠦᠵᠡᠭᠳᠡᠯ ᠴᠦ ᠢᠯᠡᠷᠡᠵᠦ ᠪᠤᠢ᠃ ᠱᠠᠰᠢᠨ ᠰᠢᠲᠦᠳᠡᠭ ᠦᠭᠡᠢ ᠬᠦᠮᠦᠰ ᠦᠨ ᠳᠤᠲᠤᠷ᠎ᠠ ᠴᠤ ᠪᠤᠷᠬᠠᠨ ᠰᠠᠬᠢᠭᠤᠯᠰᠤᠨ ᠪᠠᠢᠭᠠᠰᠢ ᠭᠡᠵᠦ ᠬᠦᠰᠡᠳᠡᠭ ᠪᠦᠭᠡᠳ ᠭᠡᠭᠡᠨ ᠬᠤᠳᠤᠭᠲᠤ᠂ ᠪᠦᠬᠡ ᠨᠠᠷ ᠢ ᠬᠦᠨᠳᠦᠳᠭᠡᠨ ᠪᠢᠰᠢᠷᠡᠳᠡᠭ ᠬᠦᠮᠦᠰ ᠪᠠᠢᠭ᠎ᠠ ᠪᠦᠭᠡᠳ ᠲᠡᠳᠡ ᠵᠠᠷᠢᠮ ᠤᠯᠠᠮᠵᠢᠯᠠᠯᠲᠤ ᠵᠠᠩ ᠦᠢᠯᠡ ᠪᠡᠨ ᠮᠦᠨ ᠱᠠᠰᠢᠨ ᠤ ᠶᠤᠰᠤᠭᠠᠷ ᠬᠢᠳᠡᠭ ᠪᠠᠢᠨ᠎ᠠ᠃ ᠬᠠᠷᠢᠴᠠᠩᠭᠤᠢ ᠪᠠᠷ ᠪᠤᠷᠬᠠᠨ ᠤ ᠱᠠᠰᠢᠨ ᠤ ᠨᠡᠷ᠎ᠡ ᠬᠦᠨᠳᠦ ᠲᠡᠢᠮᠦ ᠮᠠᠭᠤ ᠪᠢᠰᠢ ᠪᠠᠢᠭ᠎ᠠ᠂ ᠬᠠᠷᠢᠨ ᠰᠢᠨ᠎ᠡ ᠳᠡᠯᠭᠡᠷᠡᠵᠦ ᠪᠠᠢᠭ᠎ᠠ ᠱᠠᠰᠢᠨ ᠤ ᠨᠡᠷ᠎ᠡ ᠬᠦᠨᠳᠦ ᠲᠡᠢᠮᠦ ᠰᠠᠢᠨ ᠪᠢᠰᠢ ᠪᠠᠢᠨ᠎ᠠ᠃ ᠲᠡᠳᠡᠭᠡᠷ ᠱᠠᠰᠢᠨ ᠰᠢᠲᠦᠭᠴᠢᠳ ᠢ ᠪᠠᠭᠲᠠᠭᠠᠭᠰᠠᠨ ᠪᠦᠬᠦ ᠬᠦᠮᠦᠰ ᠦᠨ ᠱᠠᠰᠢᠨ ᠰᠢᠲᠦᠯᠭᠡ ᠶᠢᠨ ᠪᠠᠢᠳᠠᠯ ᠢ ᠨᠠᠷᠢᠪᠴᠢᠯᠠᠬᠤ ᠳᠤ 《ᠰᠢᠲᠦᠭᠡᠨ ᠳᠠᠬᠢᠬᠤ》 ᠤᠬᠠᠮᠰᠠᠷ ᠲᠤ ᠰᠠᠭᠤᠷᠢᠯᠠᠭᠰᠠᠨ ᠬᠤᠪᠢ ᠶᠢᠨ ᠰᠢᠨᠵᠢᠲᠡᠢ ᠱᠠᠰᠢᠨ ᠤ ᠠᠵᠢᠯᠯᠠᠭ᠎ᠠ ᠨᠢ ᠭᠤᠤᠯᠳᠠᠵᠤ᠂ ᠱᠠᠰᠢᠨ ᠰᠢᠲᠦᠯᠭᠡ ᠶᠢᠨ ᠵᠤᠬᠢᠶᠠᠨ ᠪᠠᠢᠭᠤᠯᠤᠯᠲᠠ ᠪᠠ ᠨᠡᠢᠭᠡᠮ ᠦᠨ ᠠᠵᠢᠯᠯᠠᠭ᠎ᠠ ᠳᠤ ᠳᠡᠮᠡᠢ ᠶᠡᠬᠡ ᠰᠠᠨᠠᠭᠠᠰᠢᠷᠠᠬᠤ ᠦᠭᠡᠢ ᠪᠠᠢᠭ᠎ᠠ ᠪᠠᠢᠳᠠᠯ ᠲᠠᠢ᠃ |
原文 |
没有原文
|
出自 |
内蒙古大学学报
2014年
第6期
|