论文信息


题名 ᠮᠤᠩᠭ᠋ᠤᠯ ᠭᠡᠷ ᠢ ᠮᠤᠩᠭ᠋ᠤᠯ ᠶᠢᠡᠷ ᠤᠬᠠᠭᠠᠷᠠᠬᠤ ᠨᠢ
作者 ᠠᠮᠢᠨᠪᠦ᠋ᠬᠡ
关键词 ᠨᠡᠭᠦᠳᠡᠯᠴᠢᠨ ᠮᠤᠩᠭ᠋ᠤᠯ; ᠨᠡᠭᠦᠳᠡᠯ ᠤᠨ ᠠᠵᠤ ᠠᠬᠤᠢ; ᠭᠡᠷ ᠰᠠᠭᠤᠴᠠ; ᠮᠤᠩᠭ᠋ᠤᠯ ᠭᠡᠷ
摘要 ᠮᠤᠩᠭ᠋ᠤᠯᠴᠤᠳ ᠲᠤᠭᠤᠯᠵᠤ ᠶᠠᠪᠤᠭᠰᠠᠨ ᠲᠡᠦᠬᠡᠨ ᠠᠶᠠᠨ ᠤ ᠶᠠᠪᠤᠴᠠ ᠳᠠᠭᠠᠨ ᠠᠳᠠᠯᠢ ᠪᠤᠰᠤ ᠴᠠᠭ ᠦᠶ᠎ᠡ ᠳᠤ ᠠᠳᠠᠯᠢ ᠦᠭᠡᠢ ᠬᠡᠯᠪᠡᠷᠢ ᠶᠢᠨ ᠭᠡᠷ ᠰᠠᠭᠤᠴᠠ ᠶᠢ ᠪᠦᠳᠦᠭᠡᠨ ᠡᠳ᠋ᠯᠡᠭᠰᠡᠨ ᠪᠠᠢ᠌ᠳᠠᠭ ᠴᠤ ᠮᠤᠩᠭ᠋ᠤᠯ ᠭᠡᠷ ᠨᠢ ᠮᠤᠩᠭ᠋ᠤᠯ ᠨᠤᠳᠤᠭ ᠤᠨ ᠪᠠᠢ᠌ᠭᠠᠯᠢ ᠭᠠᠵᠠᠷ ᠵᠦᠢ ᠶᠢᠨ ᠪᠠᠢ᠌ᠳᠠᠯ᠂ ᠦᠨᠳᠦᠷᠯᠢᠭ ᠤᠨ ᠠᠭᠤᠷ ᠠᠮᠢᠰᠬᠤᠯ᠂ ᠨᠡᠭᠦᠳᠡᠯᠴᠢᠨ ᠤ ᠬᠦᠳᠡᠯᠮᠦᠷᠢ ᠦᠢᠯᠡᠳᠪᠦᠷᠢᠯᠡᠯ ᠤᠨ ᠦᠪᠡᠷᠮᠢᠴᠡ ᠬᠡᠷᠡᠭᠴᠡᠭᠡᠨ ᠳᠤ ᠵᠤᠬᠢᠷᠠᠨ ᠦᠭᠡᠷᠡᠴᠢᠯᠡᠭᠳᠡᠵᠦ᠂ ᠮᠤᠩᠭ᠋ᠤᠯ ᠦᠨᠳᠦᠰᠦᠳᠡᠨ ᠤ ᠭᠡᠷ ᠰᠠᠭᠤᠴᠠ ᠶᠢᠨ ᠦᠪᠡᠷᠮᠢᠴᠡ ᠤᠨᠴᠠᠯᠢᠭ ᠪᠦᠬᠦᠢ ᠭᠡᠷ ᠪᠠᠷᠢᠯᠭ᠎ᠠ ᠶᠢᠨ ᠰᠤᠶᠤᠯ ᠢ ᠪᠦᠷᠢᠯᠳᠦᠭᠦᠯᠦᠨ ᠤᠯᠠᠮᠵᠢᠯᠠᠪᠠ᠃ ᠮᠤᠩᠭ᠋ᠤᠯ ᠭᠡᠷ ᠨᠢ ᠮᠤᠩᠭ᠋ᠤᠯ ᠲᠦᠮᠡᠨ ᠤ ᠡᠳᠦᠷ ᠲᠤᠳᠤᠮ ᠤᠨ ᠠᠮᠢᠳᠤᠷᠠᠯ ᠠᠬᠤᠢ ᠶᠢᠨ ᠬᠡᠷᠡᠭᠴᠡᠭᠡ ᠶᠢ ᠬᠠᠩᠭ᠋ᠠᠨ᠂ ᠮᠤᠩᠭ᠋ᠤᠯ ᠤᠨ ᠡᠳ᠋ ᠤᠨ ᠰᠤᠶᠤᠯ ᠤᠨ ᠦᠪ ᠪᠤᠯᠤᠨ ᠤᠯᠠᠮᠵᠢᠯᠠᠭᠳᠠᠭᠰᠠᠨ ᠲᠡᠦᠬᠡᠨ ᠶᠠᠪᠤᠴᠠ ᠳᠠᠭᠠᠨ ᠮᠤᠩᠭ᠋ᠤᠯᠴᠤᠳ ᠤᠨ ᠦᠵᠡᠯ ᠪᠤᠳᠤᠯ᠂ ᠭᠤᠣ᠎ᠠ ᠤᠬᠠᠭᠠᠷᠠᠯ ᠳᠤ ᠲᠠᠭᠠᠰᠢᠶᠠᠭᠳᠠᠵᠤ᠂ ᠣᠶᠣᠨ ᠤ ᠰᠤᠶᠤᠯ ᠤᠨ ᠦᠪ ᠪᠤᠯᠤᠨ ᠦᠯᠡᠳᠡᠭᠰᠡᠭᠡᠷ ᠪᠠᠢ᠌ᠭ᠎ᠠ᠃ ᠮᠤᠩᠭ᠋ᠤᠯ ᠭᠡᠷ ᠤᠨ ᠡᠭᠦᠰᠦᠯ ᠬᠦᠭ᠍ᠵᠢᠯ᠂ ᠦᠭᠡᠷᠡᠳᠡᠯ ᠤᠯᠠᠮᠵᠢᠯᠠᠭᠳᠠᠯ ᠤᠨ ᠲᠡᠦᠬᠡᠨ ᠪᠠᠢ᠌ᠳᠠᠯ ᠢ ᠮᠤᠩᠭ᠋ᠤᠯ ᠤᠨ ᠠᠵᠤ ᠠᠬᠤᠢ᠂ ᠦᠢᠯᠡᠳᠪᠦᠷᠢᠯᠡᠬᠦ ᠬᠦᠴᠦᠨ᠂ ᠰᠤᠶᠤᠯ ᠰᠡᠳᠭᠢᠯᠭᠡᠨ ᠤ ᠦᠪᠡᠷᠮᠢᠴᠡ ᠯᠤᠭᠡ ᠨᠢᠭᠡᠳᠭᠡᠨ ᠰᠤᠳᠤᠯᠬᠤ ᠨᠢ ᠨᠡᠭᠦᠳᠡᠯᠴᠢᠨ ᠮᠤᠩᠭ᠋ᠤᠯᠴᠤᠳ ᠤᠨ ᠭᠡᠷ ᠦᠢᠯᠡᠳᠪᠦᠷᠢᠯᠡᠯ ᠤᠨ ᠭᠦᠨ ᠤᠬᠠᠭᠠᠨ ᠢ ᠤᠢ᠌ᠯᠠᠭᠠᠨ ᠲᠠᠨᠢᠬᠤ ᠳᠤ ᠮᠠᠰᠢ ᠴᠢᠬᠤᠯᠠ ᠠᠴᠢ ᠲᠤᠰᠠ ᠲᠠᠢ ᠶᠤᠮ᠃
原文 查看原文
出自 中国蒙古学 2013年 第5期

联系我们


内蒙古大学图书馆
呼和浩特市大学西路235号
中国·内蒙古
P: (0471) 4992561
E: huangfeilong@imu.edu.cn