摘要 |
ᠶᠠᠫᠤᠨᠴᠠᠤᠳ ᠨᠢ ᠬᠦᠮᠦᠨ ᠤ ᠶᠠᠮᠠᠷ ᠵᠢᠭᠡᠨ ᠭᠤᠶᠤᠴᠢᠯᠠᠯ ᠢ ᠦᠯᠦ ᠵᠦᠪᠰᠢᠶᠡᠷᠡᠬᠦ᠂ ᠤᠷᠢᠯᠭ᠎ᠠ ᠡᠴᠡ ᠲᠠᠲᠠᠭᠠᠯᠵᠠᠬᠤ ᠪᠣᠶᠣ ᠶᠠᠮᠠᠷ ᠨᠢᠭᠡᠨ ᠦᠵᠡᠯᠲᠡ ᠶᠢᠨ ᠲᠣᠬᠠᠢ ᠦᠭᠡᠢᠢᠰᠭᠡᠭᠦ ᠰᠠᠨᠠᠭ᠎ᠠ ᠪᠠᠨ ᠢᠯᠡᠳᠭᠡᠬᠦ ᠳ᠋ᠤ ᠣᠯᠩᠬᠢ ᠳ᠋ᠠᠭᠠᠨ ᠰᠢᠭᠤᠳ ᠰᠢᠯᠤᠭᠤᠨ ᠶᠠᠷᠢᠬᠤ ᠡᠴᠡ ᠵᠠᠢᠯᠠᠰᠬᠢᠵᠦ᠂ ᠲᠠᠯᠲᠠ ᠲᠠᠮ ᠤᠳᠬ ᠠ ᠪᠡᠷ ᠦᠵᠡᠯ ᠰᠠᠨᠠᠭ᠎ᠠ ᠨᠢᠭᠡᠳᠬᠦ ᠦᠭᠡ ᠪᠠᠢᠳᠠᠯ ᠢᠢᠡᠨ ᠢᠯᠡᠳᠭᠡᠳᠡᠭ ᠶᠣᠮ᠃ ᠲᠤᠰ ᠦᠭᠦᠯᠡᠯ ᠳ᠋ᠤ ᠶᠠᠫᠤᠨ ᠬᠡᠯᠡᠨ ᠳ᠋ᠡᠬᠢ ᠦᠯᠦ ᠵᠦᠪᠰᠢᠶᠡᠷᠡᠬᠦ ᠰᠠᠨᠠᠭ᠎ᠠ ᠵᠢ ᠢᠯᠡᠳᠭᠡᠬᠦ ᠬᠡᠯᠡᠨ ᠤ ᠬᠡᠷᠡᠭᠯᠡᠭᠡᠨ ᠤ ᠬᠡᠯᠪᠡᠷᠢ ᠪᠣᠯᠤᠨ ᠣᠨᠴᠠᠯᠢᠭ ᠢ ᠵᠠᠳᠠᠯᠤᠨ᠂ ᠶᠠᠫᠤᠨ ᠬᠡᠯᠡᠨ ᠤ ᠵᠢᠭᠠᠨ ᠰᠤᠷᠭᠠᠯᠲᠠ ᠳ᠋ᠤ ᠵᠣᠬᠢᠰᠲᠠᠢ ᠭᠡᠷᠡᠭᠯᠡᠨ᠂ ᠰᠤᠷᠤᠭᠴᠢᠳ ᠡᠨᠡ ᠲᠠᠯ ᠠ ᠪᠡᠷ ᠠᠯᠳᠠᠭ᠎ᠠ ᠪᠣᠷᠤᠭᠤ ᠭᠠᠷᠭᠠᠬᠤ ᠵᠢ ᠰᠡᠷᠭᠡᠢᠯᠡᠬᠦ ᠳ᠋ᠤ ᠬᠠᠪᠰᠤᠷᠤᠮᠵᠢ ᠪᠣᠯᠭᠠᠬᠤ ᠪᠡᠷ ᠵᠣᠷᠢᠯᠲᠠ ᠪᠣᠯᠭᠠᠭᠰᠠᠨ ᠪᠠᠢᠨ᠎ᠠ᠃ |