题名 |
ᠤᠯᠠᠨ ᠵᠠᠭᠤᠴᠢᠲᠤ ᠪᠡᠶ᠎ᠡ ᠶᠢᠨ ᠦᠢᠯᠡᠳᠦᠯ ᠢ ᠪᠠᠳᠠᠷᠠᠭᠤᠯᠵᠤ᠂ ᠠᠩ᠋ᠺᠯᠢ ᠬᠡᠯᠡ ᠦ ᠬᠢᠴᠢᠶᠡᠯᠡᠯᠭᠡ ᠶᠢᠨ ᠦᠷ᠎ᠡ ᠪᠦᠲᠦᠮᠵᠢ ᠶᠢ ᠳᠡᠭᠡᠭ᠍ᠰᠢᠯᠡᠭᠦᠯᠬᠦ ᠲᠤᠬᠠᠢ |
作者 |
ᠴᠡᠩᠭᠡᠯ |
关键词 |
ᠤᠯᠠᠨ ᠵᠠᠭᠤᠴᠢᠲᠤ ᠪᠡᠶ᠎ᠡ; ᠶᠡᠬᠡ ᠰᠤᠷᠭᠠᠭᠤᠯᠢ; ᠭᠠᠳᠠᠭᠠᠳᠤ ᠬᠡᠯᠡ |
摘要 |
ᠤᠯᠠᠨ ᠵᠠᠭᠤᠴᠢᠲᠤ ᠪᠡᠶ᠎ᠡ ᠶᠢ ᠶᠡᠬᠡ ᠰᠤᠷᠭᠠᠭᠤᠯᠢ ᠶᠢᠨ ᠠᠩ᠋ᠺᠯᠢ ᠬᠡᠯᠡᠨ ᠦ ᠵᠢᠭᠠᠨ ᠰᠤᠷᠭᠠᠯᠲᠠ ᠳᠤ ᠬᠡᠷᠡᠭᠯᠡᠪᠡᠯ᠂ ᠭᠠᠳᠠᠭᠠᠳᠤ ᠬᠡᠯᠡᠨ ᠦ ᠬᠢᠴᠢᠶᠡᠯ ᠬᠦᠮᠦᠵᠢᠯ ᠦᠨ ᠰᠢᠭᠤᠳ ᠬᠠᠷᠠᠭᠤᠯᠬᠤ ᠴᠢᠨᠠᠷ ᠤᠨ ᠵᠢᠭᠠᠨ ᠰᠤᠷᠭᠠᠬᠤ ᠵᠠᠷᠴᠢᠮ ᠢ ᠮᠠᠰᠢ ᠰᠠᠶᠢᠨ ᠪᠡᠶᠡᠯᠡᠭᠦᠯᠵᠦ᠂ ᠵᠢᠭᠠᠨ ᠰᠤᠷᠭᠠᠬᠤ ᠶᠠᠰᠤ ᠴᠢᠨᠠᠷ ᠪᠠ ᠰᠤᠷᠤᠭᠴᠢᠳ ᠤᠨ ᠬᠡᠪ ᠴᠢᠨᠠᠷ ᠢ ᠳᠡᠭᠡᠭ᠍ᠰᠢᠯᠡᠭᠦᠯᠵᠦ ᠴᠢᠳᠠᠬᠤ ᠶᠢᠨ ᠬᠠᠮᠲᠤ᠂ ᠶᠡᠬᠡ ᠰᠤᠷᠭᠠᠭᠤᠯᠢ ᠶᠢᠨ ᠠᠩ᠋ᠺᠯᠢ ᠬᠡᠯᠡᠨ ᠦ ᠵᠢᠭᠠᠨ ᠰᠤᠷᠭᠠᠬᠤ ᠦᠭᠡᠷᠡᠴᠢᠯᠡᠯᠲᠡ ᠳᠦ ᠠᠰᠢᠭᠲᠠᠢ ᠪᠠᠶᠢᠳᠠᠭ᠃ ᠦᠩᠭᠡᠷᠡᠭᠰᠡᠨ ᠦ ᠬᠢᠴᠢᠶᠡᠯᠡᠯᠭᠡ ᠳᠦ ᠪᠠᠭᠰᠢ ᠶᠢᠨ ᠰᠠᠮᠪᠠᠷ᠎ᠠ ᠶᠢᠨ ᠪᠢᠴᠢᠯᠭᠡ ᠨᠢ ᠶᠡᠬᠡ ᠬᠡᠮᠵᠢᠶᠡᠨ ᠦ ᠬᠢᠴᠢᠶᠡᠯ ᠦᠨ ᠴᠠᠭ ᠢ ᠬᠡᠷᠡᠭᠰᠡᠵᠦ᠂ ᠰᠤᠷᠤᠴᠢᠳ ᠤᠨ ᠠᠰᠠᠭᠤᠯᠲᠠ ᠪᠠ ᠪᠤᠯᠪᠠᠰᠤᠷᠠᠯ ᠤᠨ ᠴᠠᠭ ᠬᠠᠷᠢᠴᠠᠩ᠋ᠭᠤᠢ ᠪᠠᠷ ᠬᠠᠰᠤᠭᠳᠠᠵᠤ᠂ ᠤᠨᠴᠠᠭᠠᠶᠢᠯᠠᠨ ᠰᠤᠷᠤᠯᠭ᠎ᠠ ᠬᠤᠴᠤᠷᠤᠩ᠋ᠭᠤᠢ ᠰᠤᠷᠤᠭᠴᠢ ᠶᠢ ᠬᠠᠷᠠᠭᠠᠯᠵᠠᠵᠤ ᠴᠢᠳᠠᠬᠤ ᠦᠭᠡᠢ ᠪᠠᠶᠢᠵᠠᠢ᠃ ᠤᠳᠤ ᠤᠯᠠᠨ ᠵᠠᠭᠤᠴᠢᠲᠤ ᠪᠡᠶ᠎ᠡ ᠶᠢ ᠬᠡᠷᠡᠭᠯᠡᠭᠰᠡᠨ ᠡᠴᠡ ᠴᠠᠭ ᠢ ᠠᠷᠪᠢᠯᠠᠵᠤ᠂ ᠵᠢᠭᠠᠨ ᠰᠤᠷᠭᠠᠬᠤ ᠦᠷ᠎ᠡ ᠪᠦᠲᠦᠭᠡᠯ ᠢ ᠳᠡᠭᠡᠭ᠍ᠰᠢᠯᠡᠭᠦᠯᠵᠦ᠂ ᠵᠢᠭᠠᠨ ᠰᠤᠷᠭᠠᠬᠤ ᠬᠦᠷᠢᠶ᠎ᠡ ᠬᠡᠪᠴᠢᠶ᠎ᠡ ᠪᠡᠨ ᠦᠷᠭᠡᠳᠭᠡᠵᠦ᠂ ᠤᠨᠴᠠᠭᠠᠶᠢᠯᠠᠨ ᠰᠡᠭᠦᠳᠡᠷ ᠳᠤᠰᠬᠠᠯᠲᠠ ᠶᠢᠨ ᠮᠠᠲ᠋ᠧᠷᠢᠶᠠᠯ ᠢ ᠴᠠᠭ ᠢᠮᠠᠭᠲᠠ ᠳᠠᠬᠢᠨ ᠳᠠᠪᠲᠠᠨ ᠬᠡᠷᠡᠭᠯᠡᠵᠦ᠂ ᠰᠤᠷᠤᠭᠴᠢᠳ ᠨᠡᠩ ᠤᠯᠠᠨ ᠳᠠᠪᠲᠠᠬᠤ ᠲᠤᠬᠢᠶᠠᠯ ᠬᠦᠷᠲᠡᠵᠦ᠂ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠦᠷᠭᠡᠨ ᠬᠡᠪᠴᠢᠶᠡᠨ ᠦ ᠳᠤᠲᠤᠷ᠎ᠠ ᠳᠡᠭᠡᠭ᠍ᠰᠢᠯᠡᠭᠦᠯᠵᠦ ᠴᠢᠳᠠᠳᠠᠭ᠃ ᠡᠭᠦᠨ ᠡᠴᠡ ᠦᠵᠡᠪᠡᠯ᠂ ᠤᠯᠠᠨ ᠵᠠᠭᠤᠴᠢᠲᠤ ᠪᠡᠶ᠎ᠡ ᠶᠢ ᠬᠡᠷᠡᠭᠯᠡᠬᠦ ᠨᠢ ᠢᠷᠡᠭᠡᠳᠦᠢ ᠶᠢᠨ ᠭᠠᠳᠠᠭᠠᠳᠤ ᠬᠡᠯᠡᠨ ᠦ ᠵᠢᠭᠠᠨ ᠰᠤᠷᠭᠠᠬᠤ ᠬᠠᠮᠤᠭ ᠰᠠᠶᠢᠨ ᠰᠢᠯᠢᠯᠲᠡ ᠪᠤᠯᠤᠨ᠎ᠠ᠃ |
原文 |
查看原文
|
出自 |
内蒙古民族大学学报(自然科学)
2005年
第2期
|