摘要 |
ᠲᠤᠰ ᠦᠭᠦᠯᠡᠯ ᠳᠦ ᠂ ᠮᠠᠨ ᠤ ᠤᠯᠤᠰ ᠤᠨ ᠮᠣᠩᠭ᠋ᠤᠯ ᠲᠦᠷᠦᠯ ᠬᠡᠯᠡ ᠠᠶᠠᠯᠭᠤᠨ ᠤ ᠨᠢᠭᠡ ᠪᠤᠯᠬᠤ ᠬᠦᠬᠡᠨᠠᠭᠤᠷ ᠮᠤᠵᠢ ᠶᠢᠨ ᠺᠠᠩᠶᠠᠩ ᠪᠠᠯᠭᠠᠰᠤᠨ ᠤ ᠬᠡᠳᠦᠨ ᠲᠤᠰᠬᠤᠨ ᠳᠠᠬᠢ ᠬᠤᠳᠤᠩᠴᠤᠳ ᠤᠨ ᠬᠡᠷᠡᠭᠯᠡᠵᠦ ᠪᠠᠢ᠌ᠭ᠎ᠠ ᠺᠠᠩᠵᠢᠶᠠ ᠠᠮᠠᠨ ᠶᠠᠷᠢᠶ᠎ᠠ ᠶᠢ ᠲᠤᠪᠴᠢ ᠲᠠᠨᠢᠯᠴᠠᠭᠤᠯᠵᠠᠢ᠃ ᠵᠤᠬᠢᠶᠠᠭᠴᠢ ᠠᠴᠠ ᠺᠠᠩᠵᠢᠶᠠ ᠠᠮᠠᠨ ᠶᠠᠷᠢᠶᠠᠨ ᠤ ᠮᠠᠲ᠋ᠧᠷᠢᠶᠠᠯ ᠢ ᠮᠣᠩᠭ᠋ᠤᠯ ᠪᠢᠴᠢᠭ᠌ ᠦᠨ ᠬᠡᠯᠡ ᠪᠡ ᠪᠤᠤ ᠠᠨ᠂ ᠳ᠋ᠦᠩᠰᠢᠶᠠᠩ᠂ ᠮᠣᠩ᠌ᠭ᠋ᠤᠷ ᠵᠡᠷᠭᠡ ᠬᠡᠯᠡ ᠲᠡᠢ ᠬᠠᠷᠢᠴᠠᠭᠤᠯᠤᠨ ᠰᠢᠨᠵᠢᠯᠡᠭᠡᠳ᠂ ᠺᠠᠩᠵᠢᠶᠠ ᠠᠮᠠᠨ ᠶᠠᠷᠢᠶ᠎ᠠ ᠨᠢ ᠮᠣᠩᠭ᠋ᠤᠯ ᠲᠦᠷᠦᠯ ᠬᠡᠯᠡᠳ ᠦᠨ ᠪᠤᠤ ᠠᠨ ᠬᠡᠯᠡ ᠲᠡᠢ ᠨᠡᠩ ᠣᠢ᠌ᠷ᠎ᠠ ᠲᠦᠰᠲᠡᠢ ᠪᠦᠭᠡᠳ ᠵᠤᠬᠢᠬᠤ ᠬᠡᠮᠵᠢᠶᠡᠨ ᠦ ᠦᠪᠡᠷᠮᠢᠴᠡ ᠣᠨᠴᠠᠯᠢᠭᠲᠠᠢ ᠪᠠᠢ᠌ᠭ᠎ᠠ ᠶᠢ ᠲᠤᠳᠤᠷᠬᠠᠢ᠌ᠯᠠᠪᠠ᠃ ᠮᠦᠨ ᠺᠠᠩᠶᠠᠩ ᠤᠨ ᠬᠤᠳᠤᠩᠴᠤᠳ ᠤᠨ ᠣᠳᠣᠬᠢ ᠪᠠᠢ᠌ᠳᠠᠯ ᠪᠠ ᠲᠡᠦᠬᠡ ᠶᠢᠨ ᠤᠯᠠᠮᠵᠢᠯᠠᠯ ᠶᠠᠷᠢᠶ᠎ᠠ ᠶᠢ ᠲᠤᠪᠴᠢ ᠲᠠᠨᠢᠯᠴᠠᠭᠤᠯᠬᠤ ᠶᠢᠨ ᠳᠠᠭᠠᠤ᠂ ᠲᠤᠰ ᠠᠮᠠᠨ ᠶᠠᠷᠢᠶᠠᠨ ᠤ ᠮᠠᠲ᠋ᠧᠷᠢᠶᠠᠯ ᠢ ᠰᠢᠰᠲ᠋ᠧᠮ ᠲᠡᠢ ᠴᠤᠭᠯᠠᠭᠤᠯᠵᠤ ᠭᠦᠨᠵᠡᠭᠡᠢ᠌ᠷᠡᠨ ᠰᠤᠳᠤᠯᠬᠤ ᠴᠢᠬᠤᠯᠠ ᠠᠴᠢ ᠬᠤᠯᠪᠤᠭᠳᠠᠯ ᠢ ᠳᠤᠷᠠᠳᠴᠠᠢ᠃ |