摘要 |
ᠪᠦᠭᠡ ᠪᠤᠯ ᠮᠣᠩᠭᠤᠯ ᠦᠨᠳᠦᠰᠦᠲᠡᠨ ᠤ ᠤᠷᠲᠤ ᠬᠭᠤᠴᠠᠭᠠ ᠪᠡᠷ ᠡᠬᠡ ᠪᠠᠢᠭᠠᠯᠢ ᠲᠠᠢ ᠠᠶᠠᠰᠦᠨ ᠵᠣᠬᠢᠴᠠᠵᠤ᠂ ᠲᠡᠮᠡᠴᠡᠯᠳᠦᠨ ᠨᠠᠷᠠᠯᠳᠤᠬᠤ ᠲᠤᠮᠲᠠ ᠪᠤᠢ ᠪᠤᠯᠤᠭᠰᠠᠨ ᠰᠣᠶᠣᠯ ᠤᠨ ᠪᠦᠲᠦᠭᠡᠭᠳᠡᠬᠦᠨ ᠪᠤᠯᠤᠨ᠎ᠠ᠃ ᠤᠷᠲᠤ ᠬᠤᠭᠤᠴᠠᠭᠠᠨ ᠤ ᠬᠦᠭᠵᠢᠯᠲᠡ ᠳ᠋ᠤ ᠮᠣᠩᠭᠤᠯᠴᠤᠳ ᠲᠠᠰᠤᠷᠠᠯᠲᠠ ᠦᠭᠡᠢ ᠪᠦᠭᠡ ᠶᠢᠨ ᠪᠠᠷᠢᠯᠳᠤᠭᠠᠨ ᠢ ᠲᠡᠭᠦᠯᠳᠡᠷᠵᠢᠬᠦᠯᠵᠦ᠂ ᠰᠢᠨ᠎ᠠ ᠵᠢ ᠡᠭᠦᠳᠦᠨ ᠴᠠᠭ ᠦᠶ ᠠ᠂ ᠨᠡᠢᠭᠡᠮ ᠤᠨ ᠬᠡᠷᠡᠭᠴᠡᠭᠡ ᠲᠠᠢ ᠵᠡᠷᠭᠡᠴᠡᠨ ᠤᠷᠤᠭᠰᠢᠯᠠᠵᠤ ᠤᠳᠤ ᠪᠤᠯᠬᠤ ᠳ᠋ᠤ ᠪᠤᠯᠪᠠᠰᠤᠨ ᠪᠦᠬᠦᠢ ᠲᠠᠪᠰᠢᠩᠭᠤᠢ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠲᠦᠷᠦᠯ ᠵᠦᠢᠯ ᠪᠤᠯᠤᠭᠰᠠᠨ ᠶᠣᠮ᠃ ᠪᠦᠬᠡ ᠶᠢᠨ ᠰᠣᠶᠣᠯ ᠨᠢ ᠮᠣᠩᠭᠤᠯᠠᠤᠳ ᠤᠨ ᠦᠢᠯᠳᠪᠦᠷᠢᠯᠡᠯ ᠠᠮᠢᠳᠤᠷᠠᠯ ᠤᠨ ᠶᠠᠪᠤᠴᠠ ᠲᠤᠮᠳᠠ ᠠᠶᠠᠨᠳᠠᠭᠠᠨ ᠪᠤᠢ ᠪᠤᠯᠵᠤ᠂ ᠮᠣᠩᠭᠤᠯ ᠦᠨᠳᠦᠰᠦᠲᠡᠨ ᠤ ᠤᠷᠤᠰᠢᠨ ᠮᠠᠢᠳᠤᠷᠠᠵᠤ ᠪᠠᠢᠭ᠎ᠠ ᠭᠠᠵᠠᠷ ᠵᠦᠢ᠂ ᠤᠯᠤᠰ ᠲᠦᠷᠦ᠂ ᠠᠵᠤ ᠠᠬᠤᠢ᠂ ᠨᠡᠢᠭᠡᠮ ᠤᠨ ᠰᠣᠶᠣᠯ ᠤᠨ ᠣᠷᠴᠢᠨ ᠲᠤᠭᠤᠷᠢᠨ ᠤ ᠨᠦᠯᠦᠭᠡᠯᠡᠯ ᠲᠤᠤᠷ ᠠ ᠤᠯᠠᠮᠵᠢᠯᠠᠭᠲᠠᠨ ᠭᠦᠭᠵᠢᠭᠰᠡᠭᠡᠷ ᠢᠷᠡᠭᠰᠡᠨ ᠪᠠᠢᠨ᠎ᠠ. |