题名 |
ᠳᠠᠯᠠᠢᠨᠠᠭᠤᠷ ᠪᠠᠢᠭᠠᠯᠢ ᠶᠢᠨ ᠬᠠᠮᠠᠭᠠᠯᠠᠯᠲᠠ ᠶᠢᠨ ᠣᠷᠤᠨ ᠤ ᠲᠤᠢᠮᠤ ᠪᠠᠢᠳᠠᠯ ᠬᠢᠭᠡᠳ ᠵᠢᠭᠤᠯᠴᠢᠯᠠᠯ ᠤᠨ ᠠᠵᠢᠯᠯᠠᠭᠠᠨ ᠤ ᠣᠷᠴᠢᠨ ᠲᠤᠭᠤᠷᠢᠨ ᠳᠤ ᠦᠵᠡᠭᠦᠯᠦᠭᠰᠡᠨ ᠨᠦᠯᠦᠭᠡᠯᠡᠯ |
作者 |
ᠡᠷᠳᠡᠨᠢᠭᠡᠷᠡᠯ |
关键词 |
ᠳᠠᠯᠠᠢᠨᠠᠭᠤᠷ ᠪᠠᠢᠭᠠᠯᠢ ᠶᠢᠨ ᠬᠠᠮᠠᠭᠠᠯᠠᠯᠲᠠ ᠶᠢᠨ ᠣᠷᠤᠨ; ᠵᠢᠭᠤᠯᠴᠢᠯᠠᠯ ᠤᠨ ᠣᠷᠤᠨ; ᠠᠯᠤᠰ ᠰᠡᠷᠡᠯ; ᠣᠷᠴᠢᠨ ᠲᠤᠭᠤᠷᠢᠨ ᠤ ᠬᠤᠪᠢᠷᠠᠯᠲᠠ |
摘要 |
ᠳᠠᠯᠠᠢᠨᠠᠭᠤᠷ ᠪᠠᠢᠭᠠᠯᠢ ᠶᠢᠨ ᠬᠠᠮᠠᠭᠠᠯᠠᠯᠲᠠ ᠶᠢᠨ ᠣᠷᠤᠨ ᠳᠤ ᠡᠯᠪᠡᠭ ᠪᠠᠶᠠᠯᠢᠭ ᠪᠠᠢᠭᠠᠯᠢ ᠪᠠ ᠬᠦᠮᠦᠨ ᠰᠤᠶᠤᠯ ᠤᠨ ᠡᠬᠢ ᠪᠠᠶᠠᠯᠢᠭ ᠬᠠᠳᠠᠭᠠᠯᠠᠭᠳᠠᠵᠤ ᠪᠠᠢᠳᠠᠭ᠃ ᠬᠠᠮᠠᠭᠠᠯᠠᠯᠲᠠ ᠶᠢᠨ ᠣᠷᠤᠨ ᠤ ᠲᠤᠷᠰᠢᠯᠲᠠ ᠶᠢᠨ ᠣᠷᠤᠨ ᠳᠤ ᠵᠢᠷᠭᠤᠭᠠᠨ ᠬᠡᠰᠡᠭ ᠠᠮᠢ ᠠᠬᠤᠢᠲᠤ ᠵᠢᠭᠤᠯᠴᠢᠯᠠᠯ ᠤᠨ ᠣᠷᠤᠨ ᠢ ᠨᠡᠭᠡᠭᠡᠵᠦ ᠪᠠᠢᠨ᠎ᠠ᠃ ᠲᠤᠰ ᠣᠷᠤᠨ ᠳᠤ ᠪᠤᠳᠠᠲᠠᠢ ᠪᠠᠢᠴᠠᠭᠠᠯᠲᠠ ᠬᠢᠭᠡᠳ ᠭᠤᠷᠪᠠᠨ ᠬᠤᠭᠤᠴᠠᠭᠠᠨ ᠤ TM ᠠᠯᠤᠰ ᠰᠡᠷᠡᠯ ᠦᠨ ᠵᠢᠷᠤᠭ ᠳᠦᠷᠰᠦ ᠶᠢ ᠠᠰᠢᠯᠠᠨ᠂ ᠵᠢᠷᠭᠤᠭᠠᠨ ᠬᠡᠰᠡᠭ ᠠᠮᠢ ᠠᠬᠤᠢᠲᠤ ᠵᠢᠭᠤᠯᠴᠢᠯᠠᠯ ᠤᠨ ᠣᠷᠤᠨ ᠤ ᠪᠠᠢᠳᠠᠯ ᠢ ᠪᠠᠢᠴᠠᠭᠠᠨ ᠰᠢᠨᠵᠢᠯᠡᠪᠡ᠃ ᠡᠭᠦᠨ ᠳᠦ ᠵᠢᠭᠤᠯᠴᠢᠯᠠᠯ ᠤᠨ ᠣᠷᠤᠨ ᠤ ᠬᠤᠵᠢᠷᠰᠢᠯᠲᠠ ᠪᠠ ᠬᠠᠯᠴᠠᠭᠠᠢ ᠭᠠᠵᠠᠷ ᠤᠨ ᠲᠠᠯᠠᠪᠠᠢ ᠨᠢ ᠨᠡᠮᠡᠭᠳᠡᠬᠦ ᠬᠠᠨᠳᠤᠰᠢ ᠲᠠᠢ ᠶᠤᠮ᠃ ᠬᠠᠮᠠᠭᠠᠯᠠᠯᠲᠠ ᠶᠢᠨ ᠣᠷᠤᠨ ᠤ ᠲᠤᠨᠤᠳᠠᠰᠤᠨ ᠤ ᠬᠡᠮᠵᠢᠶ᠎ᠡ ᠬᠢᠭᠡᠳ ᠵᠢᠭᠤᠯᠴᠢᠯᠠᠭᠴᠢ ᠶᠢᠨ ᠬᠦᠮᠦᠨ ᠦ ᠲᠤᠭᠠᠨ ᠤ ᠵᠠᠳᠠᠯᠤᠯᠲᠠ ᠪᠠᠷ ᠳᠠᠮᠵᠢᠨ᠂ ᠵᠢᠭᠤᠯᠴᠢᠯᠠᠯ ᠤᠨ ᠣᠷᠤᠨ ᠤ ᠬᠤᠵᠢᠷᠰᠢᠯᠲᠠ ᠪᠠ ᠬᠠᠯᠴᠠᠭᠠᠢ ᠭᠠᠵᠠᠷ ᠤᠨ ᠲᠠᠯᠠᠪᠠᠢ ᠨᠡᠮᠡᠭᠳᠡᠬᠦ ᠬᠠᠨᠳᠤᠰᠢ ᠨᠢ ᠠᠭᠤᠷ ᠠᠮᠢᠰᠬᠤᠯ ᠤᠨ ᠬᠤᠪᠢᠷᠠᠯᠲᠠ ᠪᠠ ᠵᠢᠭᠤᠯᠴᠢᠯᠠᠯ ᠤᠨ ᠠᠵᠢᠯᠯᠠᠭᠠᠨ ᠤ ᠬᠠᠮᠲᠤ ᠶᠢᠨ ᠨᠦᠯᠦᠭᠡᠯᠡᠯ ᠳᠤᠤᠷ᠎ᠠ ᠪᠤᠢ ᠪᠤᠯᠤᠭᠰᠠᠨ ᠢ ᠮᠡᠳᠡᠪᠡ᠃ |
原文 |
没有原文
|
出自 |
内蒙古师范大学学报(自然科学蒙古文版)
2013年
第4期
|