摘要 |
ᠲᠤᠰ ᠦᠭᠦᠯᠡᠯ ᠳᠦ ᠣᠢ᠌ᠷᠠᠳ ᠮᠣᠩ᠋ᠭᠤᠯᠴᠤᠳ ᠤᠨ ᠰᠤᠶᠤᠯ ᠤᠨ ᠠᠮᠢᠳᠤᠷᠠᠯ ᠤᠨ ᠴᠢᠬᠤᠯᠠ ᠨᠢᠭᠡ ᠠᠭᠤᠯᠭ᠎ᠠ ᠪᠤᠯᠤᠭᠰᠠᠭᠠᠷ ᠢᠷᠡᠭᠰᠡᠨ ᠴᠠᠭᠠᠨ ᠮᠤᠳᠤ ᠨᠠᠭᠠᠳᠤᠮ ᠢ ᠪᠠᠶᠠᠨᠭᠤᠤᠯ ᠳᠤ ᠬᠢᠭ᠍ᠰᠡᠨ ᠬᠡᠭᠡᠷ᠎ᠡ ᠶᠢᠨ ᠪᠠᠢ᠌ᠴᠠᠭᠠᠯᠲᠠ ᠶᠢᠨ ᠮᠠᠲ᠋ᠧᠷᠢᠶᠠᠯ ᠳᠤ ᠲᠤᠯᠭᠠᠭᠤᠷᠢᠯᠠᠨ ᠲᠠᠨᠢᠯᠴᠠᠭᠤᠯᠵᠤ᠂ ᠨᠠᠭᠠᠳᠤᠮ ᠤᠨ ᠰᠤᠷᠭᠠᠨ ᠬᠦᠮᠦᠵᠢᠭᠦᠯᠬᠦ᠂ ᠪᠡᠶ᠎ᠡ ᠮᠠᠬᠠᠪᠤᠳ ᠢ ᠴᠢᠬᠢᠷᠠᠭᠵᠢᠭᠤᠯᠬᠤ᠂ ᠤᠶᠤᠨ ᠴᠢᠳᠠᠪᠤᠷᠢ ᠶᠢ ᠳᠡᠭᠡᠭ᠍ᠰᠢᠯᠡᠭᠦᠯᠬᠦ ᠪᠡ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ᠂ ᠵᠠᠭᠤᠴᠢ ᠶᠢᠨ ᠦᠢᠯᠡᠳᠦᠯ ᠵᠡᠷᠭᠡ ᠲᠠᠯ᠎ᠠ ᠠᠴᠠ ᠲᠡᠭᠦᠨ ᠦ ᠰᠤᠶᠤᠯ ᠤᠨ ᠠᠭᠤᠯᠭ᠎ᠠ ᠶᠢ ᠰᠢᠨᠵᠢᠵᠦ ᠴᠠᠭᠠᠨ ᠮᠤᠳᠤ ᠨᠠᠭᠠᠳᠤᠮ ᠨᠢ ᠣᠢ᠌ᠷᠠᠳ ᠮᠣᠩ᠋ᠭᠤᠯᠴᠤᠳ ᠤᠨ ᠡᠳᠦᠷ ᠳᠤᠲᠤᠮ ᠤᠨ ᠠᠮᠢᠳᠤᠷᠠᠯ ᠤᠨ ᠳᠤᠮᠳᠠᠬᠢ ᠬᠠᠷᠢᠯᠴᠠᠭ᠎ᠠ ᠬᠤᠯᠪᠤᠭᠠᠨ ᠤ ᠬᠦᠢᠰᠦ ᠶᠢᠨ ᠨᠢᠭᠡ ᠪᠤᠯᠵᠤ ᠪᠠᠢ᠌ᠭᠰᠠᠨ ᠢ ᠲᠤᠳᠤᠷᠬᠠᠢ᠌ᠯᠠᠬᠤ ᠪᠠᠷ ᠵᠤᠷᠢᠯᠲᠠ ᠪᠠᠨ ᠪᠤᠯᠭᠠᠪᠠ᠃ |