摘要 |
ᠲᠤᠰ ᠦᠭᠦᠯᠡᠯ ᠳᠤ᠂ 19 ᠳ᠋ᠤᠭᠡᠷ ᠵᠠᠭᠤᠨ ᠤ ᠦᠶ᠎ᠡ ᠶᠢᠨ ᠮᠤᠩᠭ᠋ᠤᠯ ᠤᠷᠠᠨ ᠵᠤᠬᠢᠶᠠᠯ ᠳᠤ ᠬᠢ 《ᠦᠭᠡ ᠵᠤᠬᠢᠶᠠᠯ》 ᠤᠨ ᠬᠡᠯᠪᠡᠷᠢ ᠵᠤᠬᠢᠶᠠᠮᠵᠢ᠂ ᠤᠳᠬ᠎ᠠ ᠰᠠᠨᠠᠭᠠᠨ ᠤ ᠴᠢᠭ᠍ᠯᠡᠯ ᠪᠠ ᠤᠷᠠᠯᠢᠭ ᠤᠨ ᠲᠠᠯ᠎ᠠ ᠪᠡᠷ ᠬᠢ ᠦᠪᠡᠷᠮᠢᠴᠡ ᠤᠨᠴᠠᠯᠢᠭ ᠢ ᠲᠠᠨᠢᠯᠴᠠᠭᠤᠯᠤᠭᠰᠠᠨ ᠰᠠᠭᠤᠷᠢᠨ ᠲᠡᠭᠡᠷ᠎ᠡ᠂ 20 ᠳ᠋ᠤᠭᠠᠷ ᠵᠠᠭᠤᠨ ᠤ ᠡᠬᠢᠨ ᠤ ᠦᠶ᠎ᠡ ᠶᠢᠨ ᠰᠢᠨ᠎ᠡ ᠬᠡᠯᠪᠡᠷᠢ ᠶᠢᠨ 《ᠦᠭᠡ ᠵᠤᠬᠢᠶᠠᠯ》 ᠨᠢ ᠪᠦᠳᠦᠴᠡ ᠵᠤᠬᠢᠶᠠᠮᠵᠢ ᠶᠢᠨ ᠬᠤᠪᠢ ᠳᠤ ᠤᠯᠠᠮᠵᠢᠯᠠᠯᠳᠤ 《ᠦᠭᠡ ᠵᠤᠬᠢᠶᠠᠯ》 ᠤᠨ ᠤᠨᠴᠠᠯᠢᠭ ᠰᠢᠨᠵᠢ ᠶᠢ ᠵᠠᠯᠭᠠᠮᠵᠢᠯᠠᠨ ᠠᠪᠬᠤ ᠶᠢᠨ ᠲᠠᠭᠠᠤ ᠰᠢᠯᠦᠭ ᠤᠨ ᠬᠡᠯᠪᠡᠷᠢ ᠵᠢᠴᠢ ᠤᠳᠬ᠎ᠠ ᠰᠠᠨᠠᠭ᠎ᠠ ᠪᠠᠨ ᠢᠯᠡᠷᠡᠭᠦᠯᠬᠦ ᠠᠷᠭ᠎ᠠ ᠪᠠᠷᠢᠯ ᠳᠤ ᠶᠡᠬᠡᠬᠡᠨ ᠰᠢᠨᠨᠡᠴᠢᠯᠡᠯ ᠬᠢᠭ᠍ᠰᠡᠨ ᠪᠠ ᠤᠳᠬ᠎ᠠ ᠰᠡᠳᠦᠪᠯᠡᠬᠦᠨ ᠤ ᠲᠠᠯ᠎ᠠ ᠪᠡᠷ ᠨᠡᠩ ᠦᠷᠭᠡᠵᠢᠨ ᠪᠠᠶᠠᠯᠢᠭᠵᠢᠭ᠌ᠰᠠᠨ ᠲᠤᠬᠠᠢ ᠵᠠᠳᠠᠯᠤᠨ ᠰᠢᠨᠵᠢᠯᠡᠪᠡ᠃ |