题名 |
ᠬᠣᠷᠴᠢᠨ ᠤ ᠪᠤᠳᠠᠰ ᠤᠨ ᠪᠤᠰᠤ ᠰᠤᠶᠤᠯ ᠤᠨ ᠦᠪ ᠦᠨ ᠲᠦᠷᠦᠯ ᠵᠤᠢᠯ ᠤᠨ ᠲᠤᠬᠠᠢ ᠦᠭᠦᠯᠡᠬᠦ ᠨᠢ |
作者 |
ᠲᠡᠮᠦᠷᠴᠡᠴᠡᠭ |
关键词 |
ᠬᠣᠷᠴᠢᠨ; ᠪᠤᠳᠠᠰ ᠤᠨ ᠪᠤᠰᠤ ᠰᠤᠶᠤᠯ ᠤᠨ ᠦᠪ; ᠲᠦᠷᠦᠯ ᠵᠤᠢᠯ; ᠮᠠᠲ᠋ᠧᠷᠢᠶᠠᠯ ᠤᠨ ᠬᠦᠮᠦᠷᠭᠡ |
摘要 |
ᠬᠣᠷᠴᠢᠨ ᠤ ᠪᠤᠳᠠᠰ ᠤᠨ ᠪᠤᠰᠤ ᠰᠤᠶᠤᠯ ᠤᠨ ᠦᠪ ᠪᠤᠯ ᠦᠨᠢ ᠤᠳᠠᠭᠠᠨ ᠲᠡᠦᠬᠡ ᠲᠡᠢ᠂ ᠦᠨᠢᠷ ᠪᠠᠶᠠᠯᠢᠭ ᠠᠭᠤᠯᠭ᠎ᠠ ᠲᠠᠢ ᠪᠠᠢᠵᠤ᠂ ᠬᠣᠷᠴᠢᠨ ᠠᠷᠠᠳ ᠤᠨ ᠤᠯᠠᠮᠵᠢᠯᠠᠯᠲᠤ ᠰᠤᠶᠤᠯ ᠤᠨ ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠃ ᠪᠤᠳᠠᠰ ᠤᠨ ᠪᠤᠰᠤ ᠰᠤᠶᠤᠯ ᠤᠨ ᠦᠪ ᠢ ᠲᠦᠷᠦᠯ ᠵᠤᠢᠯ ᠪᠤᠯᠭᠠᠨ ᠬᠤᠪᠢᠶᠠᠨ ᠠᠩᠭᠢᠯᠠᠵᠤ ᠪᠠᠢᠭ᠎ᠠ ᠪᠤᠳᠠᠳᠤ ᠪᠠᠢᠳᠠᠯ ᠳᠤ ᠰᠠᠭᠤᠷᠢᠯᠠᠨ ᠬᠣᠷᠴᠢᠨ ᠤ ᠪᠤᠳᠠᠰ ᠤᠨ ᠪᠤᠰᠤ ᠰᠤᠶᠤᠯ ᠤᠨ ᠦᠪ ᠢ ᠬᠣᠷᠴᠢᠨ ᠦᠭᠡ ᠬᠡᠯᠡ᠂ ᠬᠣᠷᠴᠢᠨ ᠠᠷᠠᠳ ᠤᠨ ᠠᠮᠠᠨ ᠵᠤᠬᠢᠶᠠᠯ᠂ ᠬᠣᠷᠢᠴᠨ ᠠᠷᠠᠳ ᠤᠨ ᠳᠠᠭᠤᠤ ᠬᠦᠭᠵᠢᠮ᠂ ᠬᠣᠷᠴᠢᠨ ᠠᠷᠠᠳ ᠤᠨ ᠤᠯᠠᠮᠵᠢᠯᠠᠯᠲᠤ ᠪᠦᠵᠢᠭ᠂ ᠬᠣᠷᠴᠢᠨ ᠠᠷᠠᠳ ᠤᠨ ᠤᠯᠠᠮᠵᠢᠯᠠᠯᠲᠤ ᠰᠢ ᠵᠦᠴᠦᠭᠡ᠂ ᠬᠣᠷᠴᠢᠨ ᠳᠠᠭᠤᠷᠢᠯᠢᠭ᠂ ᠬᠣᠷᠴᠢᠨ ᠠᠷᠠᠳ ᠤᠨ ᠤᠯᠠᠮᠵᠢᠯᠠᠯᠲᠤ ᠲᠠᠮᠢᠷ ᠪᠠ ᠨᠠᠭᠠᠳᠤᠮ ᠲᠤᠭᠯᠠᠭᠠᠮ᠂ ᠬᠣᠷᠴᠢᠨ ᠠᠷᠠᠳ ᠤᠨ ᠤᠯᠠᠮᠵᠢᠯᠠᠯᠲᠤ ᠤᠷᠠᠨ ᠵᠢᠷᠤᠭ᠂ ᠬᠣᠷᠴᠢᠨ ᠠᠷᠠᠳ ᠤᠨ ᠤᠯᠠᠮᠵᠢᠯᠠᠯᠲᠤ ᠤᠷ᠎ᠠ ᠮᠡᠷᠭᠡᠵᠢᠯ᠂ ᠬᠣᠷᠴᠢᠨ ᠠᠷᠠᠳ ᠤᠨ ᠤᠯᠠᠮᠵᠢᠯᠠᠯᠲᠤ ᠡᠮ ᠡᠮᠨᠡᠯᠭᠡ᠂ ᠬᠣᠷᠴᠢᠨ ᠠᠷᠠᠳ ᠤᠨ ᠤᠯᠠᠮᠵᠢᠯᠠᠯᠲᠤ ᠵᠠᠩ ᠦᠢᠯᠡ ᠭᠡᠬᠦᠴᠢᠯᠡᠨ ᠠᠷᠪᠠᠨ ᠨᠢᠭᠡᠨ ᠲᠦᠷᠦᠯ ᠵᠤᠢᠯ ᠪᠤᠯᠭᠠᠨ ᠬᠤᠪᠢᠶᠠᠨ ᠠᠩᠭᠢᠯᠠᠵᠤ ᠪᠤᠯᠤᠨ᠎ᠠ᠃ ᠬᠣᠷᠴᠢᠨ ᠤ ᠪᠤᠳᠠᠰ ᠤᠨ ᠪᠤᠰᠤ ᠰᠤᠶᠤᠯ ᠤᠨ ᠦᠪ ᠦᠨ ᠮᠠᠲ᠋ᠧᠷᠢᠶᠠᠯ ᠤᠨ ᠬᠦᠮᠦᠷᠭᠡ ᠪᠠᠢᠭᠤᠯᠬᠤ ᠨᠢ ᠬᠣᠷᠴᠢᠨ ᠤ ᠪᠤᠳᠠᠰ ᠤᠨ ᠪᠤᠰᠤ ᠰᠤᠶᠤᠯ ᠤᠨ ᠦᠪ ᠢ ᠦᠪᠯᠡᠵᠦ ᠬᠠᠮᠠᠭᠠᠯᠠᠨ᠂ ᠤᠯᠠᠮᠵᠢᠯᠠᠵᠤ ᠬᠦᠭᠵᠢᠭᠦᠯᠬᠦ ᠶᠢᠨ ᠬᠦᠨᠳᠦ ᠴᠢᠬᠤᠯᠠ ᠠᠵᠢᠯ ᠡᠭᠦᠷᠭᠡ ᠶᠢᠨ ᠨᠢᠭᠡ ᠮᠦᠨ᠃ |
原文 |
查看原文
|
出自 |
中国蒙古学
2016年
第3期
|