摘要 |
ᠨᠤᠮ ᠤᠩᠰᠢᠬᠤ ᠠᠵᠢᠯᠯᠠᠭ᠎ᠠ ᠶᠢ ᠦᠷᠨᠢᠭᠦᠯᠬᠦ ᠨᠢ ᠪᠦᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠦᠨ ᠤᠯᠤᠰ ᠤᠨ ᠶᠡᠷᠦᠩᠬᠡᠢ ᠬᠦᠴᠦ ᠶᠢ ᠨᠡᠮᠡᠭᠳᠡᠭᠦᠯᠬᠦ ᠴᠢᠬᠤᠯᠠ ᠠᠷᠭ᠎ᠠ ᠪᠠᠷᠢᠯ ᠪᠤᠯᠤᠨ᠎ᠠ᠃ ᠡᠭᠦᠨ ᠳᠦ ᠨᠤᠮ ᠤᠨ ᠰᠠᠩ ᠪᠤᠯ ᠪᠦᠬᠦ ᠠᠷᠠᠳ ᠢᠶᠠᠷ ᠨᠤᠮ ᠤᠩᠰᠢᠬᠤ ᠠᠵᠢᠯᠯᠠᠭ᠎ᠠ ᠶᠢ ᠶᠠᠪᠤᠭᠳᠠᠭᠤᠯᠬᠤ ᠬᠠᠮᠤᠭ ᠤᠨ ᠦᠷᠨᠢᠩᠭᠦᠢ ᠲᠠᠯᠠᠪᠤᠷ ᠪᠤᠯᠳᠠᠭ᠃ ᠦᠭᠦᠯᠡᠯ ᠳᠦ ᠪᠠᠷᠠᠭᠤᠨ ᠬᠤᠢᠲᠤ ᠣᠷᠤᠨ ᠤ ᠪᠦᠬᠦ ᠠᠷᠠᠳ ᠢᠶᠠᠷ ᠨᠤᠮ ᠤᠩᠰᠢᠬᠤ ᠠᠵᠢᠯᠯᠠᠭ᠎ᠠ ᠶᠢ ᠦᠷᠨᠢᠭᠦᠯᠵᠦ ᠪᠠᠢᠭ᠎ᠠ ᠪᠠᠢᠳᠠᠯ ᠪᠠ ᠲᠤᠬᠢᠶᠠᠯᠳᠤᠵᠤ ᠪᠠᠢᠭ᠎ᠠ ᠬᠦᠴᠢᠷᠳᠡᠯ ᠢ ᠳᠤᠷᠠᠳᠤᠨ᠂ ᠬᠡᠷᠬᠢᠨ ᠲᠤᠰ ᠭᠠᠵᠠᠷ ᠤᠨ ᠣᠨᠴᠠᠯᠢᠭ ᠲᠤ ᠤᠶᠠᠯᠳᠤᠭᠤᠯᠤᠨ ᠪᠦᠬᠦ ᠠᠷᠠᠳ ᠢᠶᠠᠷ ᠨᠤᠮ ᠤᠩᠰᠢᠬᠤ ᠠᠵᠢᠯ ᠢ ᠶᠠᠪᠤᠭᠳᠠᠭᠤᠯᠬᠤ ᠲᠤᠬᠠᠢ ᠬᠡᠳᠦᠨ ᠦᠵᠡᠯᠲᠡ ᠪᠡᠨ ᠳᠤᠷᠠᠳᠴᠠᠢ᠃ |