题名 |
《ᠠᠯᠤᠰ ᠰᠡᠷᠡᠯ ᠦᠨ ᠭᠡᠷᠡᠯ ᠵᠢᠷᠤᠭ ᠤᠨ ᠰᠢᠢᠳᠪᠦᠷᠢᠯᠡᠯᠡᠲᠡ》 ᠭᠡᠬᠦ ᠲᠤᠷᠰᠢᠯᠲᠠ ᠶᠢᠨ ᠬᠢᠴᠢᠶᠡᠯ ᠦᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠬᠢᠭᠡᠳ ᠦᠢᠯᠡᠳᠦᠯᠭᠡ |
作者 |
ᠴᠢᠨ ᠹᠦ᠋ ᠶᠢᠩ; ᠠᠯᠲᠠᠨᠲᠤᠶᠠᠭ᠎ᠠ |
关键词 |
ᠠᠯᠤᠰ ᠰᠡᠷᠡᠯ ᠦᠨ ᠭᠡᠷᠡᠯ ᠵᠢᠷᠤᠭ ᠤᠨ ᠰᠢᠢᠳᠪᠦᠷᠢᠯᠡᠯᠲᠡ; ᠲᠤᠷᠰᠢᠯᠲᠠ ᠶᠢᠨ ᠬᠢᠴᠢᠶᠡᠯ; ᠵᠢᠭᠠᠨ ᠰᠤᠷᠭᠠᠯᠲᠠ ᠶᠢᠨ ᠦᠭᠡᠷᠡᠴᠢᠯᠡᠯᠲᠡ; ᠵᠢᠭᠠᠨ ᠰᠤᠷᠭᠠᠯᠲᠠ ᠶᠢᠨ ᠦᠢᠯᠡᠳᠦᠯᠭᠡ |
摘要 |
《ᠠᠯᠤᠰ ᠰᠡᠷᠡᠯ ᠦᠨ ᠭᠡᠷᠡᠯ ᠵᠢᠷᠤᠭ ᠤᠨ ᠰᠢᠢᠳᠪᠦᠷᠢᠯᠡᠯᠲᠡ》 ᠭᠡᠬᠦ ᠬᠢᠴᠢᠶᠡᠯ ᠨᠢ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠰᠬᠠᠢ ᠮᠡᠷᠭᠡᠵᠢᠯ ᠦᠨ ᠴᠦᠮ᠎ᠡ ᠬᠢᠴᠢᠶᠡᠯ ᠪᠤᠯᠵᠤ᠂ ᠲᠤᠷᠰᠢᠯᠲᠠ ᠶᠢᠨ ᠬᠢᠴᠢᠶᠡᠯ ᠦᠨ ᠵᠢᠭᠠᠨ ᠰᠤᠷᠭᠠᠯᠲᠠ ᠨᠢ ᠲᠤᠰ ᠬᠢᠴᠢᠶᠡᠯ ᠦᠨ ᠵᠠᠩᠭᠢᠯᠠᠭ᠎ᠠ ᠮᠦᠨ᠃ 《ᠠᠯᠤᠰ ᠰᠡᠷᠡᠯ ᠦᠨ ᠭᠡᠷᠡᠯ ᠵᠢᠷᠤᠭ ᠤᠨ ᠰᠢᠢᠳᠪᠦᠷᠢᠯᠡᠯᠲᠡ》 ᠶᠢᠨ ᠲᠤᠷᠰᠢᠯᠲᠠ ᠶᠢᠨ ᠬᠢᠴᠢᠶᠡᠯ ᠦᠨ ᠰᠢᠰᠲ᠋ᠧᠮ ᠤᠨ ᠲᠤᠬᠢᠷᠠᠭᠤᠯᠤᠯᠲᠠ ᠶᠢ ᠰᠢᠯᠢᠳᠡᠭᠵᠢᠭᠦᠯᠦᠭᠰᠡᠨ ᠦ ᠰᠠᠭᠤᠷᠢᠨ ᠳᠡᠭᠡᠷ᠎ᠡ᠂ 《ᠠᠯᠤᠰ ᠰᠡᠷᠡᠯ ᠦᠨ ᠭᠡᠷᠡᠯ ᠵᠢᠷᠤᠭ ᠤᠨ ᠰᠢᠢᠳᠪᠦᠷᠢᠯᠡᠯᠲᠡ》 ᠶᠢᠨ ᠲᠤᠷᠰᠢᠯᠲᠠ ᠶᠢᠨ ᠬᠢᠴᠢᠶᠡᠯ ᠦᠨ ᠵᠢᠭᠠᠨ ᠰᠤᠷᠭᠠᠯᠲᠠ ᠶᠢᠨ ᠱᠠᠭᠠᠷᠳᠠᠯᠭ᠎ᠠ ᠪᠠ ᠣᠨᠴᠠᠯᠢᠭ ᠲᠤ ᠴᠢᠭᠯᠡᠭᠦᠯᠵᠦ᠂ ᠵᠢᠭᠠᠨ ᠰᠤᠷᠭᠠᠯᠲᠠ ᠶᠢᠨ ᠠᠷᠭ᠎ᠠ ᠠᠪᠴᠠᠯ ᠪᠠ ᠬᠡᠯᠪᠡᠷᠢ ᠮᠠᠶᠢᠭ ᠤᠨ ᠲᠠᠯ᠎ᠠ ᠪᠠᠷ ᠨᠢᠭᠡᠨ ᠰᠢᠷᠢᠰ ᠦᠭᠡᠷᠡᠴᠢᠯᠡᠯᠲᠡ ᠬᠢᠵᠡᠢ᠃ ᠬᠠᠮᠲᠤ ᠳᠤᠨᠢ ᠪᠤᠳᠠᠲᠠᠢ ᠵᠢᠱᠢᠶ᠎ᠡ ᠦᠵᠡᠭᠦᠯᠬᠦ ᠠᠷᠭ᠎ᠠ ᠪᠠᠷ ᠲᠤᠰ ᠬᠢᠴᠢᠶᠡᠯ ᠦᠨ ᠰᠢᠯᠭᠠᠨ ᠪᠠᠲᠤᠯᠠᠬᠤ ᠰᠢᠨᠵᠢ ᠵᠢᠴᠢ ᠶᠡᠷᠦᠩᠬᠡᠶᠢᠯᠡᠭᠰᠡᠨ ᠰᠢᠨᠵᠢ ᠲᠡᠢ ᠲᠤᠷᠰᠢᠯᠲᠠ ᠶᠢ ᠦᠢᠯᠡᠳᠦᠯᠭᠡᠵᠢᠭᠦᠯᠦᠨ᠎ᠡ᠃ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠡᠴᠡ ᠦᠵᠡᠪᠡᠯ᠂ ᠡᠳᠡᠭᠡᠷ ᠦᠭᠡᠷᠡᠴᠢᠯᠡᠯᠲᠡ ᠪᠤᠯᠤᠨ ᠦᠢᠯᠡᠳᠦᠯᠭᠡ ᠨᠢ ᠰᠤᠷᠤᠭᠴᠢᠳ ᠤᠨ ᠰᠤᠷᠤᠯᠴᠠᠬᠤ ᠤᠷᠮ᠎ᠠ ᠶᠢ ᠨᠢ ᠬᠦᠭᠵᠢᠭᠡᠵᠦ᠂ ᠣᠨᠣᠯ ᠤᠨ ᠮᠡᠳᠡᠯᠭᠡ ᠶᠢᠨ ᠣᠢᠯᠠᠭᠠᠯᠲᠠ ᠶᠢ ᠨᠢ ᠭᠦᠨᠵᠡᠭᠡᠶᠢᠷᠡᠭᠦᠯᠬᠦ ᠶᠢᠨ ᠬᠠᠮᠲᠤ ᠪᠤᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠳᠡ᠌ᠭ᠌᠃ ᠡᠨᠡ ᠨᠢ ᠲᠤᠰ ᠲᠤᠷᠰᠢᠯᠲᠠ ᠶᠢᠨ ᠬᠢᠴᠢᠶᠡᠯ ᠦᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠪᠤᠯᠤᠨ ᠦᠢᠯᠡᠳᠦᠯᠭᠡ ᠳᠦ ᠵᠤᠬᠢᠬᠤ ᠬᠡᠮᠵᠢᠶᠡᠨ ᠦ ᠯᠠᠪᠯᠠᠯᠲᠠ ᠶᠢᠨ ᠦᠷᠲᠡᠭ ᠲᠡᠢ ᠪᠠᠢᠳᠠᠭ᠃ |
原文 |
没有原文
|
出自 |
内蒙古师范大学学报(自然科学蒙古文版)
2015年
第3期
|